ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠮᠬᠢ ᠳᠢᠭᠯᠢᠮ ᠢ ᠬᠠᠮᠠᠭᠠᠯᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/12
  ᠬᠠᠪᠤᠷ ᠤᠨ ᠲᠠᠷᠢᠶᠠᠯᠠᠭ᠎ᠠ ᠪᠤᠯᠵᠤ ᠪᠠᠶᠢᠭ᠎ᠠ ᠲᠠᠰᠢᠷᠠᠮ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠤᠯᠭᠤᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠲᠦᠷᠢᠮ ᠢ ᠦᠨᠳᠦᠰᠦᠯᠡᠨ᠂  ᠪᠥᠬᠦ ᠬᠤᠰᠢᠭᠤᠨ ᠤ ᠬᠡᠪᠴᠢᠶᠡᠨ ᠳᠤ ᠲᠠᠷᠢᠶᠠᠯᠠᠩ ᠳᠤ ᠬᠤᠯᠪᠣᠭᠳᠠᠭᠰᠠᠨ ᠬᠠᠤᠯᠢ ᠲᠦᠷᠢᠮ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠲᠣᠪᠣᠶᠢᠮ᠎ᠠ ᠠᠰᠠᠭᠤᠳᠠᠯ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠨᠢᠬᠦᠯᠬᠦ ᠪᠠᠷ ᠲᠤᠭᠳᠠᠭᠠᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄    1. ᠬᠦᠴᠦᠷᠬᠡᠭᠯᠡᠯ ᠰᠦᠷᠳᠡᠭᠦᠯᠦᠯ ᠪᠤᠶᠤ ᠪᠤᠰᠤᠳ ᠵᠦᠢ ᠪᠤᠰᠤ ᠠᠷᠭ᠎ᠠ ᠪᠠᠷᠢᠯ ᠢᠶᠠᠷ ᠲᠠᠷᠢᠶᠠᠯᠠᠩ ᠤᠨ ᠤᠷᠤᠨ ᠲᠤᠭᠤᠷᠢᠭ ᠤᠨ ᠦᠢᠯᠡᠳᠪᠦᠷᠢᠯᠡᠯ ᠡᠵᠡᠩᠨᠡᠯᠲᠡ ᠳᠤ ᠭᠠᠷ ᠲᠦᠷᠦᠬᠦ᠂ ᠠᠯᠪᠠᠳᠠᠯᠭ᠎ᠠ ᠪᠠᠷ ᠠᠷᠠᠯᠵᠢᠶᠠᠯᠠᠬᠤ ᠵᠡᠷᠭᠡ ᠬᠠᠤᠯᠢ ᠪᠤᠰᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    2. ᠬᠥᠰᠢᠭᠡ ᠶᠢᠨ ᠠᠷᠤ ᠠᠴᠠ ᠵᠣᠬᠢᠶᠠᠨ ᠪᠠᠶᠢᠭᠤᠯᠬᠤ᠂ ᠥᠳᠥᠭᠡᠬᠦ᠂ ᠤᠯᠠᠨ ᠢ ᠴᠤᠭᠯᠠᠭᠤᠯᠤᠨ ᠬᠡᠷᠡᠭ ᠡᠳᠦᠵᠦ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠰᠠᠮᠠᠭᠤᠷᠠᠭᠤᠯᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    3. ᠵᠠᠬ᠎ᠠ ᠲᠡᠯᠬᠡᠬᠦᠷ ᠢ ᠡᠵᠡᠷᠭᠡᠬᠦ ᠪᠠᠷ ᠵᠣᠷᠢᠯᠭ᠎ᠠ ᠪᠣᠯᠭᠠᠨ᠂ ᠪᠤᠰᠤᠳ ᠢ ᠠᠯᠪᠠᠳᠠᠵᠤ ᠪᠠᠶᠢᠭᠠᠳ ᠡᠵᠡᠩᠨᠡᠯᠲᠡ ᠶᠢᠨ ᠠᠵᠢᠯᠯᠠᠭ᠎ᠠ ᠳᠤ ᠣᠷᠣᠯᠴᠠᠭᠤᠯᠬᠤ ᠪᠤᠶᠤ ᠠᠵᠢᠯᠯᠠᠭ᠎ᠠ ᠠᠴᠠ ᠭᠠᠷᠭᠠᠬᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠵᠢᠷᠤᠮ ᠢ ᠡᠪᠳᠡᠬᠦ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    4. ᠬᠦᠴᠦᠷᠬᠡᠭᠯᠡᠯ ᠰᠦᠷᠳᠡᠭᠦᠯᠦᠯ ᠪᠤᠶᠤ ᠪᠤᠰᠤᠳ ᠵᠦᠢ ᠪᠤᠰᠤ ᠠᠷᠭ᠎ᠠ ᠪᠠᠷᠢᠯ ᠢᠶᠠᠷ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠡᠵᠡᠮᠳᠡᠬᠦ ᠵᠡᠷᠭᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠬᠦᠨᠳᠦ ᠨᠣᠴᠢᠲᠠᠢ ᠰᠠᠮᠠᠭᠤᠷᠠᠭᠤᠯᠤᠭᠰᠠᠨ ᠬᠠᠤᠯᠢ ᠪᠤᠰᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    5. ᠵᠠᠭᠤᠴᠢᠯᠠᠬᠤ ᠰᠦᠢᠳᠬᠡᠯ᠂ ᠦᠢᠯᠡᠴᠢᠯᠡᠬᠦ ᠰᠦᠢᠳᠬᠡᠯ ᠬᠤᠷᠢᠶᠠᠬᠤ ᠵᠡᠷᠭᠡ ᠬᠡᠯᠪᠡᠷᠢ ᠪᠠᠷ ᠠᠯᠪᠠᠨ ᠤ ᠪᠠ ᠬᠤᠪᠢ ᠶᠢᠨ ᠡᠳ᠋ ᠮᠥᠩᠭᠦ ᠶᠢ ᠮᠡᠬᠡᠯᠡᠨ ᠠᠪᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ      6 . ᠭᠠᠵᠠᠷ ᠰᠢᠷᠤᠢ ᠶᠢ ᠬᠠᠤᠯᠢ ᠪᠤᠰᠤ ᠪᠠᠷ ᠡᠷᠭᠢᠯᠲᠡ ᠳᠤ ᠣᠷᠣᠭᠤᠯᠬᠤ᠂ ᠭᠠᠵᠠᠷ ᠰᠢᠷᠣᠢ ᠶᠢᠨ ᠦᠨ᠎ᠡ ᠶᠢ ᠳᠦᠷᠭᠢᠯᠳᠦᠨ ᠥᠰᠬᠡᠬᠦ᠂ ᠭᠠᠵᠠᠷ ᠰᠢᠷᠣᠢ ᠶᠢ ᠪᠤᠯᠢᠶᠠᠨ ᠡᠵᠡᠯᠡᠬᠦ ᠵᠢᠴᠢ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠠᠯᠪᠠ ᠪᠠᠷ  ᠡᠷᠭᠡᠰᠢᠶᠡᠬᠦ ᠪᠠ ᠬᠠᠷᠰᠢᠯᠠᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    7. ᠳᠤᠷ᠎ᠠ ᠪᠠᠷ ᠢᠶᠠᠨ ᠮᠠᠰᠢᠨ ᠬᠤᠳᠳᠤᠭ ᠮᠠᠯᠲᠠᠵᠤ ᠤᠰᠤ ᠲᠠᠲᠠᠬᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠯᠲᠡ ᠶᠢᠨ ᠲᠦᠬᠦᠭᠡᠷᠦᠮᠵᠢ ᠪᠠ ᠲᠠᠷᠢᠶᠠᠯᠠᠩ ᠤᠨ ᠲᠦᠬᠦᠭᠡᠷᠦᠮᠵᠢ ᠶᠢ ᠵᠣᠷᠢᠭᠤᠳᠠ ᠡᠪᠳᠡᠵᠦ ᠰᠦᠢᠳᠬᠡᠬᠦ ᠵᠡᠷᠭᠡ ᠬᠠᠤᠯᠢ  ᠪᠤᠰᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    8. ᠲᠠᠷᠢᠶᠠᠯᠠᠩ ᠳᠤ ᠬᠡᠷᠡᠭᠯᠡᠬᠦ ᠤᠰᠤᠨ ᠤ ᠰᠦᠢᠳᠬᠡᠯ ᠢᠶᠠᠨ ᠲᠤᠰᠢᠶᠠᠬᠤ ᠶᠢ ᠲᠡᠪᠴᠢᠬᠦ᠂ ᠲᠠᠷᠢᠶᠠᠯᠠᠩ ᠳᠤ ᠬᠡᠷᠡᠭᠯᠡᠬᠦ ᠤᠰᠤ ᠶᠢ ᠳᠤᠷ᠎ᠠ ᠪᠠᠷ ᠢᠶᠠᠨ ᠬᠤᠯᠠᠭᠠᠶᠢᠯᠠᠨ ᠭᠡᠷᠡᠭᠯᠡᠬᠦ ᠵᠡᠷᠭᠡ ᠬᠠᠤᠯᠢ ᠪᠤᠰᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    9 . ᠤᠢ ᠰᠢᠭᠤᠢ ᠨᠤᠳᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ︽ᠤᠢ ᠮᠤᠳᠤᠨ ᠤ ᠬᠦᠪᠡᠭᠡ ᠵᠠᠬ᠎ᠠ︾᠎ ᠶᠢ ᠬᠠᠭᠠᠯᠪᠤᠷᠢᠯᠠᠬᠤ᠂ ︽ᠭᠠᠵᠠᠷ ᠤᠨ ᠵᠠᠭᠠᠭ︾  ᠎ ᠢ ᠥᠷᠭᠡᠳᠬᠡᠬᠦ᠂ ᠤᠢ  ᠮᠤᠳᠤ ᠶᠢ ᠡᠪᠳᠡᠵᠦ ᠲᠠᠷᠢᠮᠠᠯ ᠲᠠᠷᠢᠬᠤ᠂ ᠳᠤᠷ᠎ᠠ ᠪᠠᠷ ᠢᠶᠠᠨ ᠤᠰᠤ ᠶᠢ ᠬᠠᠰᠢᠬᠤ᠂  ᠬᠠᠰᠢᠯᠭ᠎ᠠ ᠲᠠᠯᠠᠩ ᠪᠠᠷᠢᠵᠤ ᠭᠤᠣᠯ ᠤᠨ ᠤᠷᠤᠰᠬᠠᠯ ᠢ ᠥᠭᠡᠷᠡᠴᠢᠯᠡᠨ ᠦᠶᠡᠷ ᠰᠡᠷᠭᠡᠶᠢᠯᠡᠬᠦ ᠠᠮᠤᠷ ᠲᠦᠪᠰᠢᠨ ᠢ ᠬᠠᠷᠰᠢᠯᠠᠬᠤ ᠵᠡᠷᠭᠡ ᠬᠠᠤᠯᠢ ᠪᠤᠰᠤ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃   10. ᠦᠨᠡᠮᠯᠡᠯ ᠦᠭᠡᠢ ᠡᠵᠡᠩᠨᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ᠂ ᠬᠠᠭᠤᠷᠮᠠᠭ ᠮᠠᠭᠤ  ᠲᠠᠷᠢᠮᠠᠯ ᠎ ᠤᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠢ ᠪᠣᠷᠣᠯᠠᠭᠤᠯᠬᠤ ᠪᠠ  ᠬᠠᠭᠤᠷᠮᠠᠭ ᠶᠠᠭᠤᠮ᠎ᠠ ᠬᠤᠯᠢᠬᠤ᠂  ᠠᠭᠤᠯᠤᠭᠳᠠᠴᠠ ᠶᠢᠨ ᠬᠡᠮᠵᠢᠶ᠎ᠡ ᠪᠠ ᠦᠨ᠎ᠡ ᠬᠠᠩᠰᠢ ᠶᠢ ᠬᠠᠭᠤᠷᠮᠠᠭᠯᠠᠨ ᠬᠠᠳᠠᠬᠤ᠂  ᠦᠨ᠎ᠡ ᠬᠠᠩᠰᠢ ᠶᠢ ᠳᠦᠷᠭᠢᠯᠳᠦᠨ ᠥᠰᠬᠡᠬᠦ ᠵᠡᠷᠭᠡ ᠬᠠᠤᠯᠢ ᠪᠤᠰᠤ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃   11. ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠂ ︽ᠲᠠᠷᠢᠶᠠᠯᠠᠩ ᠤᠨ ᠪᠤᠰᠤ ᠪᠣᠯᠭᠠᠬᠤ︾᠎ ᠶᠢ ᠴᠢᠩᠭ᠎ᠠ ᠴᠠᠭᠠᠵᠠᠯᠠᠬᠤ ᠲᠤᠬᠠᠢ ᠬᠤᠰᠢᠭᠤ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠲᠡᠪᠴᠢᠭᠰᠡᠨ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃   12. ᠰᠢᠭᠦᠬᠦ ᠬᠤᠷᠢᠶᠠᠨ ᠤ ᠲᠠᠰᠤᠯᠤᠯᠳᠠ ᠪᠠ ᠬᠠᠤᠯᠢ ᠪᠠᠷ ᠨᠤᠲᠠᠯᠠᠭᠰᠠᠨ ᠡᠶᠡᠳᠡᠭᠦᠯᠭᠡ ᠶᠢᠨ ᠭᠡᠷ᠎ᠡ ᠶᠢ ᠭᠦᠢᠴᠡᠳᠬᠡᠬᠦ ᠦᠬᠡᠢ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠨ᠎ᠡ᠃   ᠳᠡᠭᠡᠷ᠎ᠡ ᠳᠤᠷᠠᠳᠤᠭᠰᠠᠨ ᠬᠠᠤᠯᠢ ᠲᠦᠷᠢᠮ ᠵᠥᠷᠢᠴᠡᠭᠰᠡᠨ ᠦᠢᠯᠡ ᠠᠵᠢᠯᠯᠠᠭᠠᠨ ᠤ ᠰᠦᠪᠡᠭᠴᠢ ᠶᠢ ᠬᠠᠩᠭᠠᠵᠤ᠂ ᠪᠠᠶᠢᠴᠠᠭᠠᠨ ᠲᠤᠳᠤᠯᠠᠬᠤ ᠪᠠᠷ ᠲᠠᠮᠵᠢᠭᠠᠳ ᠦᠨᠡᠨ ᠪᠣᠳᠠᠲᠠᠢ ᠪᠤᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠱᠠᠩᠨᠠᠨ ᠬᠥᠬᠢᠭᠦᠯᠦᠨ᠎ᠡ᠂ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠦᠮᠦᠭᠯᠡᠪᠡᠯ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠂ ᠢᠯᠡᠴᠢᠯᠡᠨ ᠮᠡᠳᠡᠭᠦᠯᠦᠭᠴᠢ ᠶᠢ ᠠᠶᠤᠯᠭᠠᠨ ᠰᠦᠷᠳᠡᠬᠦᠯᠵᠦ ᠬᠠᠷᠢᠭᠤ ᠠᠪᠤᠭᠰᠠᠨ ᠪᠤᠯ ᠬᠠᠤᠯᠢ ᠶᠣᠰᠣᠭᠠᠷ ᠴᠢᠩᠭ᠎ᠠ  ᠰᠢᠳᠬᠡᠨ᠎ᠡ᠃    ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0479 ︱ 5227110    ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠄ 0479 ︱ 5226272    ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠄ 0479 ︱ 6709297    ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ 0479 ︱ 2265272    ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 0479 ︱ 5226996                                                                               ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                          2024 ᠣᠨ ᠤ 4 ᠰᠠᠷ᠎ᠠ ᠶᠢᠨ 12᠎ ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号