ᠬᠠᠤᠯᠢ ᠶᠢ ᠲᠦᠪ ᠭᠤᠤᠯᠴᠢ ᠪᠤᠯᠪᠠᠰᠤᠨ ᠢᠶᠠᠷ ᠭᠡᠷᠡᠭᠵᠢᠬᠦᠯᠵᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/12
    ᠣᠶᠢᠷ᠎ᠠ ᠳᠤ᠂ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠨᠢᠭᠡᠨ ᠤᠳᠠᠭᠠᠨ ᠤ ᠵᠢᠭᠡᠯᠡᠯᠭᠡ ᠶᠢᠨ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ ᠠᠮᠵᠢᠯᠲᠠᠲᠠᠢ ᠭᠦᠢᠴᠡᠳᠬᠡᠵᠦ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠭᠰᠠᠨ ᠮᠥᠷᠲᠡᠭᠡᠨ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠭᠠᠳ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠮᠥᠩᠭᠦᠨ ᠭᠦᠢᠯᠭᠡᠭᠡᠨ ᠤ ᠡᠮᠬᠢ ᠲᠢᠭᠯᠡᠮ ᠢ ᠪᠠᠶᠢᠭᠤᠯᠬᠤ ᠳᠤ ᠡᠷᠡᠰ ᠴᠢᠩᠭ᠎ᠠ ᠬᠠᠤᠯᠢ ᠴᠠᠭᠠᠵᠠ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠭᠰᠠᠨ ᠪᠠᠶᠢᠨ᠎ᠠ᠃     ᠬᠡᠷᠡᠭ ᠤᠨ ᠪᠠᠶᠢᠳᠠᠯ ᠤᠨ ᠲᠣᠪᠴᠢ ᠲᠠᠨᠢᠯᠴᠠᠭᠤᠯᠭ᠎ᠠ᠄ ᠨᠢᠭᠡᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠢᠭᠡᠳ ᠯᠢᠦ ᠣᠪᠣᠭᠲᠤ᠂ ᠸᠠᠩ ᠣᠪᠣᠭᠲᠤ ᠶᠢᠨ ᠵᠣᠭᠤᠰ ᠵᠢᠭᠡᠯᠡᠬᠦ ᠭᠡᠷ᠎ᠡ ᠶᠢᠨ ᠵᠢᠭᠤᠷᠠᠯᠳᠤᠭᠠᠨ ᠤ ᠬᠡᠷᠡᠭ ᠲᠤ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠨᠢ ᠰᠠᠶᠢᠨ ᠳᠤᠷ᠎ᠠ ᠠᠴᠠ ᠪᠠᠨ ᠡᠶᠡᠳᠡᠬᠦ ᠬᠡᠯᠡᠯᠴᠡᠭᠡᠷ ᠲᠤᠭᠳᠠᠭᠠᠳ᠂ ᠭᠦᠢᠴᠡᠳᠬᠡᠭᠳᠡᠭᠴᠢ ᠨᠢ ᠥᠷᠢᠲᠦᠵᠦ ᠪᠠᠶᠢᠭ᠎ᠠ ᠵᠢᠭᠡᠯᠡᠯᠭᠡ ᠶᠢᠨ ᠡᠬᠡ ᠬᠦᠦ ᠮᠥᠩᠭᠦ ᠶᠢ ᠬᠤᠭᠤᠴᠠᠭ᠎ᠠ ᠬᠤᠪᠢᠶᠠᠨ ᠪᠠᠩᠬᠢ ᠳᠤ ᠪᠤᠴᠠᠭᠠᠬᠤ ᠶᠢ ᠵᠥᠪᠰᠢᠶᠡᠷᠡᠭᠰᠡᠨ ᠪᠠᠶᠢᠵᠠᠢ᠂ ᠭᠡᠪᠡᠴᠦ ᠲᠤᠰ ᠬᠤᠶᠠᠷ ᠵᠠᠭᠠᠯᠳᠤᠭᠳᠠᠭᠴᠢ ᠡᠶᠡᠳᠡᠬᠦ ᠬᠡᠯᠡᠯᠴᠡᠭᠡᠷ ᠤᠨ ᠶᠣᠰᠣᠭᠠᠷ ᠲᠥᠯᠥᠬᠦ ᠡᠭᠦᠷᠭᠡ ᠪᠠᠨ ᠭᠦᠢᠴᠡᠳᠬᠡᠭᠰᠡᠨ ᠦᠭᠡᠢ ᠪᠣᠯᠬᠤᠷ  ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ   ᠨᠢ ᠰᠢᠭᠦᠬᠦ ᠬᠤᠷᠢᠶᠠᠨ ᠳᠤ ᠬᠦᠢᠴᠡᠳᠯᠭᠡᠭᠡᠬᠦ ᠡᠷᠡᠮᠡᠯᠵᠡᠯ ᠭᠠᠷᠭᠠᠭᠰᠠᠨ ᠪᠠᠶᠢᠨ᠎ᠠ᠃     ᠭᠦᠢᠴᠡᠳᠬᠡᠬᠦ ᠶᠠᠪᠤᠴᠠ  ᠄  ᠭᠦᠢᠴᠡᠳᠬᠡᠬᠦ ᠱᠠᠲᠤᠨ ᠳᠤ ᠣᠷᠣᠭᠰᠠᠨ ᠤ ᠲᠠᠷᠠᠭ᠎ᠠ᠂ ᠰᠢᠬᠦᠬᠦ ᠬᠤᠷᠢᠶᠠᠨ ᠤ ᠬᠢᠨ ᠲᠡᠷᠡ ᠳᠠᠷᠤᠢ ᠳᠤᠨᠢ ᠰᠦᠯᠵᠢᠶ᠎ᠡ ᠪᠠᠷ ᠲᠠᠮᠵᠢᠨ  ᠸᠠᠩ ᠣᠪᠣᠭᠲᠤ  ᠂ ᠯᠢᠦ ᠣᠪᠣᠭᠲᠤ ᠶᠢᠨ ᠡᠳ᠋ ᠬᠥᠷᠥᠩᠭᠡ ᠶᠢᠨ ᠪᠠᠶᠢᠳᠠᠯ ᠢ ᠪᠠᠶᠢᠴᠠᠭᠠᠨ ᠯᠠᠪᠯᠠᠬᠤ ᠶᠢᠨ ᠬᠠᠮᠲᠤ ᠭᠦᠢᠴᠡᠳᠬᠡᠭᠳᠡᠭᠴᠢ ᠲᠠᠢ ᠬᠠᠷᠢᠯᠴᠠᠵᠤ᠂ ᠬᠦᠴᠦᠨ ᠲᠠᠢ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠭᠦᠯᠬᠦ ᠪᠠᠷ ᠢᠳᠬᠠᠵᠤ᠂ ᠲᠥᠯᠥᠬᠦ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠠᠴᠠ ᠪᠤᠯᠬᠤ ᠬᠠᠤᠯᠢ ᠶᠢᠨ ᠦᠷ᠎ᠡ ᠳ᠋ᠦᠩ ᠢ ᠮᠡᠳᠡᠭᠳᠡᠪᠡ᠃ ᠠᠵᠢᠯᠳᠠᠳ ᠤᠨ ᠬᠦᠯᠢᠴᠡᠩᠭᠦᠢ ᠲᠠᠶᠢᠯᠪᠤᠷᠢᠯᠠᠵᠤ ᠲᠣᠳᠣᠷᠬᠠᠶᠢᠯᠠᠬᠤ ᠪᠠᠷ ᠲᠠᠮᠵᠢᠭᠠᠳ᠂ ᠭᠦᠢᠴᠡᠳᠬᠡᠭᠳᠡᠭᠴᠢ ᠰᠠᠨᠠᠭᠠᠴᠢᠯᠠᠭ᠎ᠠ ᠠᠴᠠ ᠪᠠᠨ ᠬᠠᠤᠯᠢ ᠶᠢᠨ ᠡᠭᠦᠷᠭᠡ ᠪᠠᠨ ᠭᠦᠢᠴᠡᠳᠬᠡᠵᠦ᠂ ᠵᠢᠭᠡᠯᠡᠭᠰᠡᠨ ᠵᠣᠭᠤᠰ ᠤᠨ ᠡᠬᠡ ᠬᠦᠦ ᠮᠥᠩᠭᠦ ᠶᠢ ᠪᠤᠴᠠᠭᠠᠭᠰᠠᠨ ᠪᠠᠶᠢᠨ᠎ᠠ᠃  ᠪᠠᠩᠬᠢ ᠠᠴᠠ ᠰᠢᠭᠦᠬᠦ ᠬᠤᠷᠢᠶᠠᠨ ᠳᠤ ᠵᠢᠬᠡᠯᠡᠯᠬᠡ ᠪᠤᠴᠠᠭᠠᠭᠰᠠᠨ ᠭᠡᠷᠡᠴᠢ ᠪᠠᠷᠢᠮᠳᠠ ᠶᠢ ᠭᠠᠷᠭᠠᠨ ᠦᠭᠬᠦᠭᠰᠡᠨ ᠪᠣᠯᠬᠤᠷ ᠲᠤᠰ ᠬᠡᠷᠡᠭ ᠢ ᠭᠦᠢᠴᠡᠳᠬᠡᠵᠦ ᠲᠠᠭᠤᠰᠬᠠᠵᠠᠢ᠃    ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠠᠤᠯᠢ ᠭᠡᠷᠡᠭᠵᠢᠬᠦᠯᠬᠦ ᠴᠢᠳᠠᠮᠠᠭᠠᠢ ᠴᠢᠨᠠᠷ ᠢᠶᠠᠨ ᠦᠷᠭᠦᠯᠵᠢᠯᠡᠨ ᠪᠠᠳᠠᠷᠠᠭᠤᠯᠵᠤ᠂ ᠬᠡᠷᠡᠭ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠤᠨ᠂  ᠵᠦᠷᠢᠴᠡᠯ ᠵᠢᠭᠤᠷᠠᠭᠠᠨ ᠢ ᠲᠣᠬᠢᠲᠠᠢ ᠰᠢᠢᠳᠪᠦᠷᠢᠯᠡᠵᠦ᠂ ᠲᠥᠪ ᠭᠤᠥᠯᠴᠢ ᠪᠠᠷ ᠬᠠᠤᠯᠢ ᠭᠡᠷᠡᠭᠵᠢᠬᠦᠯᠬᠦ ᠪᠠ ᠪᠣᠯᠪᠠᠰᠤᠨ ᠢᠶᠠᠷ ᠭᠦᠢᠴᠡᠳᠬᠡᠬᠦ ᠶᠢ ᠤᠶᠠᠯᠳᠤᠭᠤᠯᠤᠨ᠂ ᠵᠠᠷᠭᠤ ᠢᠯᠠᠭᠰᠠᠨ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ  ᠪᠠᠳᠤᠯᠠᠵᠤ᠂ ᠭᠦᠢᠴᠡᠳᠬᠡᠬᠦ ᠠᠷᠭ᠎ᠠ ᠪᠠᠷᠢᠯ ᠢ ᠠᠮᠢᠳᠤᠯᠢᠭ ᠢᠶᠠᠷ ᠭᠡᠷᠡᠭᠯᠡᠨ᠂ ᠭᠦᠢᠴᠡᠳᠬᠡᠭᠳᠡᠭᠴᠢ ᠶᠢᠨ ᠦᠨᠡᠨᠴᠢ ᠢᠲᠡᠭᠡᠮᠵᠢᠲᠡᠢ ᠪᠠᠷ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠬᠠᠤᠯᠢ ᠴᠠᠭᠠᠵᠠ ᠶᠢᠨ ᠢᠲᠡᠭᠡᠭᠦᠯᠬᠦ ᠬᠦᠴᠦᠨ ᠢ ᠤᠯᠠᠮ ᠨᠡᠮᠡᠭᠳᠡᠬᠦᠯᠬᠦ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号