ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
ᠨᠡᠶᠢᠲᠡᠯᠡᠭᠰᠡᠨ ᠴᠠᠭ᠄
2024/4/12
  ᠨᠠᠮ ᠤᠨ ᠲᠥᠪ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ  ᠣᠷᠣᠨ  ᠂  ᠠᠶᠢᠮᠠᠭ  ᠂ ᠬᠤᠰᠢᠭᠤᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠠᠪᠤᠴᠠ ᠳᠤ ᠨᠠᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ ︵ᠨᠢᠭᠡ︶  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢ ᠰᠤᠳᠤᠯᠵᠤ᠂ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ᠂  ᠲᠦᠰᠦᠪ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠬᠤᠶᠠᠷ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠵᠢᠯ ᠲᠥᠷᠥᠯ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ︵ᠭᠤᠷᠪᠠ︶ ᠪᠥᠬᠦ ᠬᠤᠰᠢᠭᠤᠨ ᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠵᠢᠯᠣᠭᠤᠳᠴᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ︵ᠳᠥᠷᠪᠡ︶ ᠪᠥᠬᠦ ᠬᠤᠰᠢᠭᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠢ ᠪᠠᠶᠢᠭᠤᠯᠵᠤ᠂  ᠮᠡᠳᠡᠭᠡ ᠵᠠᠩᠭᠢ ᠶᠢ ᠡᠵᠡᠮᠰᠢᠨ᠂ ᠬᠢᠨᠠᠨ ᠬᠡᠮᠵᠢᠬᠦ ᠠᠵᠢᠯ ᠢ ᠰᠠᠶᠢᠨ ᠬᠢᠨ᠎ᠡ᠃ ︵ᠲᠠᠪᠤ︶ ᠶᠠᠳᠠᠭᠤ ᠶᠢ ᠲᠡᠳᠬᠦᠬᠦ ᠲᠥᠷᠥᠯ ᠵᠦᠢᠯ ᠢ ᠬᠢᠨᠠᠨ ᠬᠠᠮᠢᠶᠠᠷᠴᠤ᠂  ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠤᠪᠢᠶᠠᠷᠢᠯᠠᠯᠲᠠ ᠶᠢᠨ  ᠲᠦᠰᠦᠪ ᠢ ᠲᠤᠭᠳᠠᠭᠠᠨ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠳᠠ ᠶᠢᠨ ᠠᠵᠢᠯ ᠢ ᠰᠠᠶᠢᠲᠤᠷ ᠬᠢᠨ᠎ᠠ᠃ ︵ᠵᠢᠷᠭᠤᠭ᠎ᠠ︶  ᠪᠠᠶᠢᠭᠤᠯᠭ᠎ᠠ ᠨᠢᠬᠡᠴᠡ᠂ ᠠᠵᠤ ᠠᠬᠤᠶᠢᠯᠠᠯ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠤᠬᠢᠶᠠᠨ ᠪᠠᠶᠢᠭᠤᠯᠵᠤ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠤᠷᠤᠯᠴᠠᠭᠤᠯᠤᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠢ ᠰᠣᠯᠢᠯᠴᠠᠭ᠎ᠠ ᠪᠠ ᠬᠠᠮᠳᠤᠷᠠᠯᠴᠠᠭ᠎ᠠ ᠶᠢ  ᠠᠬᠢᠭᠤᠯᠤᠨ᠎ᠠ᠃ ︵ᠳᠣᠯᠤᠭ᠎ᠠ︶  ᠭᠠᠵᠠᠷ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠳᠡᠭᠡᠳᠦ ᠱᠠᠲᠤᠨ ᠤ ᠪᠠᠶᠢᠭᠤᠯᠭ᠎ᠠ ᠨᠢᠬᠡᠴᠡ ᠶᠢᠨ ᠴᠢᠬ ᠲᠣᠭᠲᠠᠭᠠᠨ ᠶᠠᠳᠠᠭᠤ ᠶᠢ ᠲᠡᠳᠬᠦᠬᠦ ᠠᠵᠢᠯ ᠳᠤ ᠵᠤᠬᠢᠴᠠᠭᠤᠯᠵᠤ ᠬᠠᠷᠢᠯᠴᠠᠬᠤ ᠦᠢᠯᠡᠴᠢᠯᠡᠭᠡ ᠬᠠᠩᠭᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠳᠤᠷᠠᠵᠤ ᠬᠤᠰᠢᠭᠤ ᠬᠠᠷᠢᠶ᠎ᠠ ᠪᠠᠶᠢᠭᠤᠯᠭ᠎ᠠ ᠨᠢᠬᠡᠴᠡ ᠶᠢᠨ ᠴᠢᠬ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠵᠣᠬᠢᠶᠠᠨ ᠪᠠᠶᠢᠭᠤᠯᠤᠨ᠎ᠠ᠃ ︵ᠨᠠᠢᠮᠠ︶   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠨ ᠪᠠᠶᠢᠴᠠᠭᠠᠯᠳᠠ ᠪᠠ ᠬᠢᠨᠠᠨ ᠰᠢᠯᠭᠠᠯᠳᠠ ᠶᠢᠨ ᠬᠤᠯᠪᠣᠭᠳᠠᠯ ᠪᠥᠬᠦᠶ ᠠᠵᠢᠯ ᠢ ᠰᠠᠶᠢᠨ ᠬᠢᠨ᠎ᠡ᠃ ︵ᠶᠢᠰᠦ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号