ᠠᠶᠤᠯᠭᠦᠢ ᠦᠢᠯᠡᠳᠪᠦᠷᠢᠯᠡᠯ —  ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ   ᠤᠨ 2024 ᠣᠨ ᠤ ᠭᠤᠷᠪᠠᠳᠤᠭᠠᠷ ᠤᠳᠠᠭᠠᠨ ᠤ ᠲᠣᠭᠲᠠᠮᠠᠯ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/4/12
  3 ᠰᠠᠷ᠎ᠠ ᠶᠢᠨ 20 ᠤ ᠡᠳᠦᠷ᠂  ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠨᠢ 2024 ᠣᠨ ᠤ ᠭᠤᠷᠪᠠᠳᠤᠭᠠᠷ ᠤᠳᠠᠭᠠᠨ ᠤ ᠲᠣᠭᠲᠠᠮᠠᠯ ᠬᠤᠷᠠᠯ  ᠬᠤᠷᠠᠯᠳᠤᠭᠤᠯᠵᠤ  ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ ᠬᠤᠷᠠᠯ ᠢ ᠡᠷᠬᠢᠯᠡᠨ ᠠᠵᠢᠯ   ᠡᠬᠦᠷᠭᠡ ᠶᠢ ᠪᠠᠶᠢᠷᠢᠯᠠᠭᠤᠯᠪᠠ᠃ ᠬᠤᠷᠠᠯ ᠠᠴᠠ᠂  ᠤᠳᠤ ᠶᠠᠭ ᠡᠯ᠎ᠡ ᠲᠦᠷᠦᠯ ᠤᠨ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠬᠤᠯᠠ  ᠴᠠᠭ  ᠬᠤᠭᠤᠴᠠᠭ᠎ᠠ ᠪᠤᠯᠤᠭᠠᠳ ᠪᠠᠶᠢᠨ᠎ᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ  ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠪᠠᠲᠤᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠣᠳᠠᠲᠠᠢ ᠠᠷᠭ᠎ᠠ ᠬᠡᠮᠵᠢᠶ᠎ᠡ ᠪᠠᠷ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠰᠠᠶᠢᠨ ᠬᠢᠵᠦ᠂ ᠡᠯ᠎ᠡ ᠲᠦᠷᠦᠯ ᠤᠨ ᠤᠰᠤᠯ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ  ᠃ ᠠᠵᠢᠯ ᠡᠬᠢᠯᠡᠬᠦᠯᠵᠦ ᠦᠢᠯᠡᠳᠪᠦᠷᠢᠯᠡᠯ ᠰᠡᠷᠭᠦᠭᠡᠬᠦ ᠠᠴᠠ ᠡᠮᠦᠨᠡᠬᠢ ᠲᠤᠨᠤᠭ ᠲᠥᠬᠦᠭᠡᠷᠦᠮᠵᠢ ᠶᠢᠨ ᠵᠠᠰᠠᠯᠳᠠ᠂ ᠬᠡᠮ ᠰᠣᠭᠤᠭ ᠤᠨ ᠪᠠᠶᠢᠴᠠᠭᠠᠯᠳᠠ᠂ ᠠᠵᠢᠯᠲᠠᠨ ᠤ ᠪᠤᠯᠪᠠᠰᠤᠷᠠᠯ ᠪᠠ ᠰᠡᠷᠡᠮᠵᠢᠯᠡᠬᠦᠯᠬᠦ ᠬᠥᠮᠦᠵᠢᠯ ᠵᠡᠷᠭᠡ ᠡᠯ᠎ᠡ ᠲᠦᠷᠦᠯ ᠤᠨ ᠠᠵᠢᠯ ᠢ ᠭᠦᠨᠵᠡᠭᠡᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠪᠠ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠠᠳᠬᠤᠨ᠂  ᠥᠨᠳᠥᠷ ᠪᠦᠲᠦᠮᠵᠢᠲᠡᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠶᠢ ᠪᠡᠶᠡᠯᠡᠭᠦᠯᠵᠦ᠂ ᠠᠮᠢ ᠠᠬᠤᠢ ᠶᠢᠨ ᠡᠬᠢ ᠪᠠᠶᠠᠯᠢᠭ ᠪᠣᠯᠣᠨ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ  ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠳᠡᠭᠡᠳᠦ ᠱᠠᠲᠤᠨ ᠤ ᠡᠯ᠎ᠡ ᠲᠦᠷᠦᠯ ᠤᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠤᠨ᠂ ᠳᠤᠲᠠᠭᠤᠳᠠᠯ ᠢ ᠨᠥᠬᠦᠪᠦᠷᠢᠯᠡᠬᠦ᠂  ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ᠂ ᠲᠣᠭᠲᠠᠴᠠ ᠶᠢ ᠲᠡᠬᠦᠯᠳᠡᠷᠵᠢᠬᠦᠯᠬᠦ᠂ ᠴᠢᠳᠠᠪᠤᠷᠢ ᠶᠢ ᠴᠢᠩᠭᠠᠳᠬᠠᠬᠤ ᠪᠠᠷ ᠬᠦᠴᠦᠯᠡᠨ ᠴᠢᠷᠮᠠᠶᠢᠵᠤ᠂ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ  ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂  ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号