ᠠᠶᠤᠯᠭᠦᠢ ᠦᠢᠯᠡᠳᠪᠦᠷᠢᠯᠡᠯ —  ᠬᠤᠩ ᠴᠢ ᠪᠠᠯᠭᠠᠰᠤ ᠬᠤᠷᠠᠯ ᠬᠢᠵᠦ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠢ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2024/4/12
  ᠠᠶᠤᠯᠭᠦᠢ ᠦᠢᠯᠡᠳᠪᠦᠷᠢᠯᠡᠯ ᠤᠨ ᠠᠵᠢᠯ ᠪᠠ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠬᠦ ᠠᠵᠢᠯ ᠢ ᠤᠯᠠᠮ ᠰᠠᠶᠢᠨ ᠬᠢᠬᠦ ᠶᠢᠨ ᠲᠦᠯᠦᠭᠡ᠂ 3 ᠰᠠᠷ᠎ᠠ ᠶᠢᠨ 27  ᠤ ᠡᠳᠦᠷ ᠬᠤᠩ ᠴᠢ ᠪᠠᠯᠭᠠᠰᠤᠨ  ᠤ ᠬᠢᠨ 2024 ᠣᠨ ᠤ ᠠᠶᠤᠯᠭᠦᠢ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂   ᠳᠡᠳ᠋ ᠪᠠᠯᠭᠠᠰᠤᠨ ᠳᠠᠷᠤᠭ᠎ᠠ ᠵᠢᠶᠠ ᠶᠠᠨ ᠬᠤᠷᠠᠯ ᠢ ᠡᠷᠬᠢᠯᠡᠨ᠂  ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ᠂ ᠤᠢ ᠰᠢᠭᠤᠢ ᠬᠠᠮᠠᠭᠠᠯᠠᠭᠴᠢ ᠨᠠᠷ ᠬᠤᠷᠠᠯ ᠳᠤ ᠣᠷᠣᠯᠴᠠᠪᠠ᠃ ᠬᠤᠷᠠᠯ ᠠᠴᠠ᠂ ᠨᠢᠭᠡ ᠳᠤ ᠦᠵᠡᠯ ᠰᠠᠨᠠᠭ᠎ᠠ ᠪᠠᠨ ᠨᠢᠭᠡᠳᠬᠡᠵᠦ᠂  ᠡᠬᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨ᠎ᠠ᠃ ︽ ᠭᠤᠷᠪᠠᠨ ᠬᠠᠮᠢᠶᠠᠷᠤᠯᠳᠠ ᠭᠤᠷᠪᠠᠨ ᠡᠷᠭᠡᠪᠰᠢ︾ ᠶᠢᠨ ᠱᠠᠭᠠᠷᠳᠠᠯᠭ᠎ᠠ ᠶᠢ ᠬᠢᠨᠠᠮᠠᠭᠠᠢ  ᠨᠠᠶᠢᠳᠠᠪᠤᠷᠢᠵᠢᠭᠤᠯᠤᠨ᠂ ᠪᠤᠰᠤᠳ ᠭᠠᠵᠠᠷ ᠣᠷᠣᠨ ᠤ ᠠᠶᠤᠯᠬᠦᠢ ᠦᠢᠯᠡᠳᠪᠦᠷᠢᠯᠡᠯ ᠤᠨ ᠤᠰᠤᠯ ᠠᠳᠡᠯ   ᠠᠴᠠ ᠰᠤᠷᠭᠠᠮᠵᠢ ᠠᠪᠴᠤ᠂ ᠰᠡᠷᠡᠮᠵᠢ ᠶᠢᠨ ᠬᠤᠩᠬᠤ ᠶᠢ ᠪᠠᠶᠢᠩᠭᠤ ᠲᠤᠤᠨᠢᠭᠤᠯᠤᠨ᠂ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠬᠤᠶᠠᠷ ᠲᠤ ᠤᠬᠠᠭᠤᠯᠭ᠎ᠠ ᠶᠢ ᠦᠷᠭᠡᠳᠭᠡᠵᠦ ᠤᠬᠠᠮᠰᠠᠷ ᠢ ᠲᠡᠭᠡᠭᠰᠢᠯᠡᠬᠦᠯᠦᠨ᠎ᠡ᠃  ᠠᠮᠤᠷ ᠲᠦᠪᠰᠢᠨ ᠤ ᠤᠬᠠᠭᠤᠯᠭ᠎ᠠ ᠬᠢᠬᠦ  ᠂ ᠠᠶᠤᠯᠬᠦᠢ ᠦᠢᠯᠡᠳᠪᠦᠷᠢᠯᠡᠯ ᠤᠨ ᠰᠡᠷᠡᠮᠵᠢ ᠶᠢᠨ ᠹᠢᠯᠢᠮ ᠦᠵᠡᠬᠦᠯᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ   ᠪᠠᠷ ᠠᠶᠤᠯᠬᠦᠢ ᠦᠢᠯᠡᠳᠪᠦᠷᠢᠯᠡᠯ ᠤᠨ ᠴᠢᠬᠤᠯᠠ ᠴᠢᠨᠠᠷ ᠢ ᠶᠡᠬᠡᠪᠡᠷ ᠤᠬᠠᠭᠤᠯᠵᠤ᠂ ᠠᠮᠤᠷ ᠲᠦᠪᠰᠢᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠭᠤᠷᠪᠠ ᠳᠤ ᠭᠤᠣᠯᠳᠠᠯᠭ᠎ᠠ ᠶᠢ ᠲᠤᠪᠤᠶᠢᠯᠭᠠᠵᠤ᠂ ᠶᠡᠷᠦᠩᠬᠡᠶᠢᠯᠡᠨ ᠵᠠᠰᠠᠨ᠎ᠠ᠃ ᠰᠢᠲᠠᠮᠠᠬᠠᠢ ᠬᠡᠢ ᠶᠢᠨ ᠠᠮᠤᠷ ᠲᠦᠪᠰᠢᠨ᠂ ᠴᠠᠬᠢᠯᠭᠠᠨ ᠤ ᠠᠮᠤᠷ ᠲᠦᠪᠰᠢᠨ᠂ ᠭᠠᠯ ᠲᠦᠢᠮᠡᠷ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠣᠷᠣᠨ ᠰᠠᠭᠤᠴᠠ ᠶᠢᠨ ᠠᠮᠤᠷ ᠲᠦᠪᠰᠢᠨ ᠵᠡᠷᠭᠡ ᠲᠠᠯ᠎ᠠ   ᠠᠴᠠ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ  ᠪᠠᠶᠢᠩᠭᠤ ᠥᠷᠨᠢᠭᠦᠯᠵᠦ᠂  ᠳᠠᠯᠳᠠ ᠬᠡᠮ ᠢ ᠴᠤᠬᠤᠶᠢᠵᠤ  ᠭᠠᠷᠤᠮᠠᠭᠴᠠ ᠲᠤᠶᠢᠯᠪᠤᠷᠢᠳᠠᠢ ᠠᠷᠢᠯᠭᠠᠨ᠂  ᠰᠡᠷᠭᠡᠶᠢᠯᠡᠯᠲᠡ ᠶᠢᠨ ᠱᠤᠭᠤᠮ ᠢ ᠡᠷᠡᠰ ᠪᠠᠬᠢᠵᠢᠬᠦᠯᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ᠂  ᠠᠵᠠ  ᠬᠠᠷᠠᠬᠤ ᠪᠤᠳᠤᠯ  ᠰᠡᠳᠬᠢᠴᠡ ᠶᠢ ᠡᠷᠡᠰ ᠲᠡᠪᠴᠢᠨ᠂ ︽ ᠰᠡᠷᠭᠡᠶᠢᠯᠡᠯᠳᠡ︾ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠬᠤ ᠬᠡᠷᠡᠭᠲᠡᠢ᠃ ︽ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ︾ ᠶᠢ ᠪᠠᠷᠢᠮᠳᠠᠯᠠᠨ᠂  ᠪᠠᠯᠭᠠᠰᠤ ᠲᠣᠰᠬᠤᠨ ᠤ ᠺᠠᠳ᠋ᠷᠴᠤᠳ ᠡᠷᠦᠬᠡ ᠲᠤᠭᠤᠷᠢᠨ ᠤᠬᠠᠭᠤᠯᠭ᠎ᠠ ᠬᠢᠬᠦ ᠶᠢᠨ ᠬᠠᠮᠳᠤ᠂ ᠸᠢᠴᠠᠲ  ᠤᠨ ᠴᠤᠭᠯᠠᠷᠠᠯ᠂ ᠲᠣᠰᠬᠤᠨ ᠤ ᠷᠠᠳᠢᠤ᠋  ᠵᠡᠷᠭᠡ ᠶᠢ ᠠᠰᠢᠭᠯᠠᠵᠤ ᠪᠠᠶᠢᠭᠠᠳ ᠭᠠᠯ ᠰᠡᠷᠭᠡᠶᠢᠯᠡᠬᠦ ᠦᠨᠳᠦᠰᠦᠨ ᠮᠡᠳᠡᠯᠭᠡ ᠶᠢ ᠤᠬᠠᠭᠤᠯᠵᠤ᠂ ︽ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠬᠡᠮᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃  ᠡᠳᠦᠷ ᠲᠤᠲᠤᠮ ᠤᠨ ᠴᠠᠭᠳᠠᠨ ᠪᠠᠶᠢᠴᠠᠭᠠᠬᠤ ᠠᠵᠢᠯ ᠢ  ᠰᠠᠶᠢᠨ ᠬᠢᠵᠦ᠂  ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂  ᠭᠠᠯ ᠤᠨᠳᠠᠷᠠᠭᠠᠬᠤ ᠪᠠᠭᠠᠵᠢ ᠬᠡᠷᠡᠭᠰᠡᠯ ᠢ ᠪᠦᠷᠢᠨ ᠪᠡᠯᠡᠳᠬᠡᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠨᠳᠤᠯᠭᠠᠳᠤ ᠴᠢᠨᠠᠷ ᠢ  ᠴᠢᠩᠭᠠᠷᠠᠭᠤᠯᠬᠤ ᠭᠡᠷᠡᠭᠳᠡᠢ᠃  ᠬᠠᠩᠰᠢ ᠶᠢᠨ  ᠬᠤᠭᠤᠴᠠᠭᠠᠨ ᠳᠤ᠂ ᠡᠯ᠎ᠡ ᠲᠣᠰᠬᠤᠨ ᠤ ᠬᠢᠨ ᠵᠢᠵᠢᠬᠦᠷ ᠤᠨ ᠳᠦᠷᠢᠮ ᠢ ᠨᠡᠩ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠩᠭᠢ ᠨᠢ ᠳᠡᠭᠡᠳᠦ ᠬᠡᠮᠵᠢᠶᠡᠨ ᠤ ᠰᠡᠷᠭᠡᠶᠢᠯᠡᠯᠲᠡ ᠲᠠᠢ ᠪᠠᠶᠢᠵᠤ᠂ ᠵᠠᠷᠯᠢᠭ ᠵᠠᠬᠢᠶ᠎ᠠ ᠪᠠ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠳᠤᠯᠠᠨ᠂ ︽ᠴᠢᠩᠭ᠎ᠠ᠂ ᠨᠠᠷᠢᠯᠢᠭ᠂ ᠪᠣᠳᠠᠲᠠᠢ︾ ᠪᠠᠶᠢᠬᠤ ᠶᠢ ᠦᠨᠡᠨᠬᠦ ᠪᠡᠶᠡᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠦᠬᠦ ᠲᠠᠯ᠎ᠠ ᠶᠢᠨ ᠢᠯᠠᠯᠲᠠ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号