ᠠᠶᠤᠯᠭᠦᠢ ᠦᠢᠯᠡᠳᠪᠦᠷᠢᠯᠡᠯ — ᠴᠢᠶᠠᠨ ᠶᠢᠨ ᠭᠧᠦ ᠪᠠᠯᠭᠠᠰᠤᠨ ᠤ ᠬᠢᠨ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2024/4/12
 ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠨᠢᠭᠡᠴᠡ ᠤᠳ ᠤᠨ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠠᠵᠢᠯ ᠢ ᠤᠯᠠᠮ ᠴᠢᠩᠭᠠᠳᠬᠠᠨ᠂ ᠭᠠᠯ ᠰᠡᠷᠭᠡᠶᠢᠯᠡᠯᠳᠡ ᠶᠢᠨ ᠲᠣᠭᠲᠠᠭᠤᠨ ᠪᠠᠶᠢᠳᠠᠯ ᠢ ᠦᠨᠡᠨᠬᠦ ᠪᠠᠳᠤᠯᠠᠬᠤ ᠶᠢᠨ ᠲᠤᠰᠠᠳᠠ᠂ ᠣᠶᠢᠷ᠎ᠠ ᠳᠤ ᠴᠢᠶᠠᠨ ᠶᠢᠨ ᠭᠧᠦ ᠪᠠᠯᠭᠠᠰᠤᠨ ᠤ ᠭᠠᠯ ᠰᠡᠷᠭᠡᠶᠢᠯᠡᠯᠳᠡ ᠶᠢᠨ ᠵᠢᠯᠤᠭᠤᠳᠬᠤ ᠲᠥᠪ ᠨᠢ ᠪᠠᠯᠭᠠᠰᠤᠨ ᠤ ᠡᠪᠯᠡᠯ ᠤᠨ ᠬᠤᠷᠢᠶ᠎ᠠ ᠲᠠᠢ ᠬᠠᠮᠳᠤᠷᠠᠨ᠂ ᠬᠠᠷᠢᠶ᠎ᠠ ᠣᠷᠣᠨ ᠤ ᠪᠠᠨ ᠭᠤᠣᠯᠳᠠᠯᠭ᠎ᠠ ᠲᠠᠢ ᠨᠢᠭᠡᠴᠡ ᠪᠠ ᠠᠵᠤ ᠠᠬᠤᠶᠢᠯᠠᠯ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ  ᠬᠢᠨ ᠴᠢᠶᠠᠨ ᠶᠢᠨ ᠭᠧᠦ ᠡᠷᠡᠭᠦᠯ ᠬᠠᠮᠠᠭᠠᠯᠠᠯ ᠤᠨ ᠬᠤᠷᠢᠶ᠎ᠠ᠂ ᠴᠢᠶᠠᠨ ᠶᠢᠨ ᠭᠧᠦ ᠲᠣᠮᠢᠯᠠᠭᠰᠠᠨ ᠰᠠᠯᠪᠤᠷᠢ᠂ ᠴᠢᠶᠠᠨ  ᠶᠢᠨ ᠭᠧᠦ ᠴᠠᠬᠢᠯᠭᠠᠨ ᠬᠠᠩᠭᠠᠬᠤ ᠦᠷᠳᠡᠭᠡ ᠵᠡᠷᠭᠡ ᠳᠤ ᠭᠦᠨᠵᠡᠭᠡᠶᠢᠷᠡᠵᠦ᠂  ᠡᠳᠡᠭᠡᠷ ᠨᠢᠭᠡᠴᠡ ᠶᠢᠨ ᠭᠠᠯ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ  ᠪᠠᠭᠠᠵᠢ ᠲᠥᠬᠦᠭᠡᠷᠦᠮᠵᠢ ᠨᠢ ᠪᠦᠷᠢᠨ ᠪᠦᠲᠦᠨ ᠡᠰᠡᠬᠦ᠂  ᠠᠶᠤᠯ ᠠᠴᠠ ᠵᠠᠶᠢᠯᠠᠬᠤ ᠵᠠᠮ ᠡᠭᠦᠳᠡ ᠨᠢ ᠰᠠᠭᠠᠳ ᠦᠭᠡᠢ ᠨᠡᠪᠳᠡᠷᠡᠵᠦ ᠪᠠᠶᠢᠬᠤ ᠡᠰᠡᠬᠦ᠂ ᠰᠢᠲᠠᠮᠠᠬᠠᠢ ᠬᠡᠢ ᠶᠢ ᠬᠡᠷᠡᠭᠯᠡᠬᠦ ᠲᠠᠯ᠎ᠠ ᠪᠠᠷ ᠠᠮᠤᠷ ᠲᠦᠪᠰᠢᠨ ᠪᠠᠶᠢᠬᠤ ᠡᠰᠡᠬᠦ᠂ ᠠᠵᠢᠯᠲᠠᠳ ᠨᠢ ᠭᠠᠯ ᠤᠨᠲᠠᠷᠠᠭᠠᠬᠤ ᠪᠠ ᠠᠶᠤᠯ ᠠᠴᠠ ᠵᠠᠶᠢᠯᠠᠭᠤᠯᠬᠤ ᠠᠷᠭ᠎ᠠ ᠮᠡᠷᠭᠡᠵᠢᠯ ᠢ ᠡᠵᠡᠮᠰᠢᠭᠰᠡᠨ ᠡᠰᠡᠬᠦ ᠵᠡᠷᠭᠡ  ᠳᠤ ᠭᠤᠣᠯᠳᠠᠯᠭ᠎ᠠ ᠲᠠᠢ ᠪᠠᠶᠢᠴᠠᠭᠠᠯᠳᠠ ᠬᠢᠵᠦ᠂ ᠪᠠᠶᠢᠴᠠᠭᠠᠯᠲᠠ ᠶᠢᠨ ᠲᠤᠮᠳᠠ ᠢᠯᠡᠷᠡᠭᠰᠡᠨ ᠵᠠᠷᠢᠮ ᠠᠰᠠᠭᠤᠳᠠᠯ ᠳᠤ ᠴᠢᠭᠯᠡᠭᠦᠯᠦᠨ᠂  ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂  ᠬᠤᠯᠪᠤᠭᠳᠠᠬᠤ ᠨᠢᠭᠡᠴᠡ ᠶᠢ ᠱᠠᠭᠠᠷᠳᠠᠨ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ ᠡᠬᠦᠨ ᠤ ᠬᠠᠮᠳᠤ᠂ ᠪᠠᠯᠭᠠᠰᠤᠨ ᠤ ᠡᠪᠯᠡᠯ ᠤᠨ ᠬᠤᠷᠢᠶᠠᠨ  ᠤ ᠠᠵᠢᠯᠳᠠᠳ ᠠᠴᠠ ᠪᠠᠰᠠ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠢᠵᠦ᠂ ᠡᠳᠡᠭᠡᠷ ᠨᠢᠬᠡᠴᠡ ᠶᠢᠨ ᠬᠢᠨ ᠤ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠨ᠂  ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠡᠢ᠃ ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠧᠦ ᠪᠠᠯᠭᠠᠰᠤ ᠨᠢ ᠤᠬᠠᠭᠤᠯᠭ᠎ᠠ ᠪᠠ ᠪᠠᠶᠢᠴᠠᠭᠠᠯᠳᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠭᠠᠯ  ᠰᠡᠷᠭᠡᠶᠢᠯᠡᠬᠦ ᠮᠡᠳᠡᠯᠭᠡ ᠶᠢ ᠣᠯᠠᠨ ᠲᠦᠮᠡᠨ ᠳᠤ ᠤᠯᠠᠮᠵᠢᠯᠠᠨ᠂ ᠣᠯᠠᠨ ᠲᠦᠮᠡᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠠᠷᠠᠳ ᠢᠷᠭᠡᠳ ᠤᠨ ᠠᠮᠢ ᠨᠠᠰᠤᠨ ᠤ ᠠᠮᠤᠷ ᠲᠦᠪᠰᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂  ᠪᠦᠬᠦ ᠪᠠᠯᠭᠠᠰᠤᠨ ᠤ ᠭᠠᠯ  ᠰᠡᠷᠭᠡᠶᠢᠯᠡᠬᠦ ᠠᠵᠢᠯ ᠢ ᠦᠷ᠎ᠡ ᠪᠦᠳᠦᠮᠵᠢᠳᠡᠢ ᠶᠠᠪᠤᠭᠳᠠᠭᠤᠯᠬᠤ ᠪᠠᠷ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号