3 ᠰᠠᠷ᠎ᠠ ᠶᠢᠨ 29 ᠤ ᠡᠳᠦᠷ᠂ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ︽ᠠᠵᠤ | ᠠᠬᠤᠶᠢᠯᠠᠯ ᠤᠨ ᠡᠷᠭᠡ ᠠᠰᠢᠭ ᠢ ᠬᠠᠮᠠᠭᠠᠯᠠᠵᠤ᠂ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠶᠠᠷᠢᠯᠴᠠᠬᠤ | ᠬᠤᠷᠠᠯ ᠢ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠢᠦᠢ ᠴᠧᠩ ᠭᠦᠸᠧ᠂ ᠠᠷᠠᠳ ᠤᠨ ᠪᠠᠶᠢᠴᠠᠭᠠᠬᠤ | ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠭᠴᠢ ᠳᠠᠷᠤᠭ᠎ᠠ ᠨᠠᠷᠠᠰᠤ᠂ ᠬᠤᠰᠢᠭᠤᠨ | ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠵᠢᠴᠢ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠨᠠᠷ ᠬᠤᠷᠠᠯ ᠳᠤ ᠤᠷᠤᠯᠴᠠᠨ᠂ ᠡᠵᠡᠩᠨᠡᠯᠲᠡ ᠪᠠ | ᠬᠥᠭᠵᠢᠯᠲᠡ ᠶᠢᠨ ᠳᠤᠮᠳᠠ ᠲᠤᠯᠭᠠᠷᠠᠭᠰᠠᠨ ᠬᠠᠤᠯᠢ ᠲᠦᠷᠢᠮ ᠤᠨ ᠠᠰᠠᠭᠤᠳᠠᠯ ᠵᠢᠴᠢ ᠬᠤᠳᠠᠯᠳᠤᠭ᠎ᠠ ᠡᠷᠬᠢᠯᠡᠬᠦ | ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ | ᠠᠵᠢᠯ ᠤᠨ ᠲᠣᠭᠤᠷᠢᠨ ᠳᠤ ᠤᠯᠤᠯᠳᠠ ᠲᠥᠷᠥᠭᠳᠡᠯ ᠢᠶᠠᠨ ᠶᠠᠷᠢᠵᠤ᠂ ᠰᠠᠨᠠᠯ ᠰᠠᠨᠠᠭᠤᠯᠭ᠎ᠠ ᠪᠠᠨ ᠲᠤᠷᠠᠳᠤᠨ᠂ ᠠᠷᠭ᠎ᠠ | ᠪᠣᠳᠣᠯᠭ᠎ᠠ ᠲᠡᠪᠰᠢᠬᠦᠯᠦᠭᠰᠡᠨ ᠪᠠᠶᠢᠨ᠎ᠠ᠃ ᠬᠤᠷᠠᠯ ᠲᠡᠭᠡᠷ᠎ᠡ ᠪᠠᠰᠠ ︽ ᠲᠠᠶᠢᠹᠤᠰᠧ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ︿ ᠠᠵᠤ ᠠᠬᠤᠶᠢᠯᠠᠯ ᠢ ᠬᠠᠮᠠᠭᠠᠯᠠᠬᠤ﹀ ᠠᠵᠢᠯᠯᠠᠭᠠᠨ ᠤ ᠲᠦᠰᠦᠪ︾ ᠢ ᠤᠩᠰᠢᠨ | ᠨᠡᠶᠢᠲᠡᠯᠡᠪᠡ᠃ ᠬᠤᠷᠠᠯ ᠤᠨ ᠳᠠᠷᠠᠭ᠎ᠠ᠂ ᠪᠠᠶᠢᠴᠠᠭᠠᠬᠤ ᠬᠤᠷᠢᠶᠠᠨ ᠤ ᠠᠵᠢᠯᠲᠠᠳ ᠬᠡᠰᠡᠭ ᠠᠵᠤ ᠠᠬᠤᠶᠢᠯᠠᠯ ᠳᠤ | ᠭᠦᠨᠵᠡᠭᠡᠶᠢᠷᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ | ᠠᠬᠤᠶᠢᠯᠠᠯ ᠤᠨ ᠬᠥᠭᠵᠢᠯᠲᠡ ᠳᠤ ᠦᠨ᠎ᠡ ᠲᠦᠯᠦᠪᠦᠷᠢ ᠦᠭᠡᠢ ᠬᠠᠤᠯᠢ ᠶᠢᠨ ᠵᠥᠪᠯᠡᠯᠭᠡ ᠬᠠᠩᠭᠠᠵᠤ᠂ ᠠᠵᠤ | ᠠᠬᠤᠶᠢᠯᠠᠯ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠤᠯᠠᠮ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠬᠠᠤᠯᠢ | ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠳᠤ ᠬᠦᠴᠦᠨ ᠨᠡᠮᠡᠷᠢᠯᠡᠵᠡᠢ᠃ ᠣᠶᠢᠷ᠎ᠠ ᠶᠢᠨ ᠵᠢᠯ ᠳᠤ᠂ | ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠦᠢᠯᠡᠳᠦᠯ ᠴᠢᠳᠠᠮᠵᠢ ᠪᠠᠨ ᠬᠦᠢᠴᠡᠳ | ᠪᠠᠳᠠᠷᠠᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠭᠡ ᠠᠰᠢᠭ ᠢ ᠬᠠᠮᠠᠭᠠᠯᠠᠵᠤ᠂ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠪᠠᠷ ᠴᠢᠷᠮᠠᠶᠢᠭᠰᠠᠭᠠᠷ ᠢᠷᠡᠵᠡᠶ᠃ | ᠪᠠᠶᠢᠴᠠᠭᠠᠬᠤ ᠬᠤᠷᠢᠶ᠎ᠠ ᠨᠢ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ | ᠲᠤᠬᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠭᠠᠳ | ᠵᠢᠷᠭᠤᠭᠠᠳᠠᠬᠢ ᠵᠢᠯ ᠢᠶᠠᠨ ᠪᠤᠯᠵᠤ ᠪᠠᠶᠢᠭ᠎ᠠ ᠶᠤᠮ᠃ ᠶᠠᠷᠢᠯᠴᠠᠬᠤ ᠬᠤᠷᠠᠯ ᠢᠶᠠᠷ ᠲᠠᠮᠵᠢᠭᠠᠳ᠂ ᠠᠵᠤ ᠠᠬᠤᠶᠢᠯᠠᠯ ᠪᠠ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠤᠷᠠᠳᠤᠭᠰᠠᠨ ᠠᠰᠠᠭᠤᠳᠠᠯ ᠪᠠ ᠰᠠᠨᠠᠯ ᠰᠠᠨᠠᠭᠤᠯᠭ᠎ᠠ ᠶᠢ | ᠰᠤᠨᠤᠰᠴᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠷᠪᠤᠯᠵᠢᠯᠠᠬᠤ ᠲᠠᠢ ᠤᠶᠠᠯᠳᠤᠭᠤᠯᠤᠨ᠂ ᠠᠰᠠᠭᠤᠳᠠᠯ ᠤᠨ | ᠡᠭᠦᠰᠦᠭᠰᠡᠨ ᠰᠢᠯᠲᠠᠭᠠᠨ᠂ ᠠᠵᠤ ᠠᠬᠤᠶᠢᠯᠠᠯ ᠳᠤ ᠦᠵᠡᠭᠦᠯᠬᠦ ᠨᠥᠯᠥᠭᠡ ᠵᠢᠴᠢ ᠠᠰᠠᠭᠤᠳᠠᠯ ᠢ ᠰᠢᠢᠳᠪᠦᠷᠢᠯᠡᠭᠰᠡᠨ | ᠠᠬᠢᠴᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ | ᠬᠡᠷᠡᠭ ᠶᠠᠪᠤᠳᠠᠯ ᠢ ᠰᠢᠢᠳᠪᠦᠷᠢᠯᠡᠬᠦ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠢ ᠱᠠᠭᠠᠷᠳᠠᠨ ᠠᠵᠤ ᠠᠬᠤᠶᠢᠯᠠᠯ ᠤᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ | ᠲᠦᠷᠭᠡᠨ ᠰᠢᠢᠳᠪᠦᠷᠢᠯᠡᠬᠦᠯᠵᠡᠢ᠃ ᠡᠭᠦᠨ ᠤ ᠬᠠᠮᠲᠤ᠂ ᠪᠠᠶᠢᠴᠠᠭᠠᠬᠤ ᠬᠤᠷᠢᠶ᠎ᠠ ᠨᠢ ︽ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠢ ᠬᠠᠮᠠᠭᠠᠯᠠᠬᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠪᠠᠲᠤᠯᠠᠬᠤ ᠠᠵᠢᠯ ᠤᠨ ᠬᠡᠷᠡᠭᠵᠢᠭᠦᠯᠬᠦ ᠠᠷᠭ᠎ᠠ︾ ︽ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠭᠤᠴᠢᠨ | ᠵᠢᠷᠭᠤᠭᠠᠨ ᠵᠤᠷᠪᠤᠰ︾ ︽ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ | ᠠᠵᠢᠯ ᠤᠨ ᠠᠷᠭ᠎ᠠ ᠬᠡᠮᠵᠢᠶ᠎ᠡ︾ ︽ᠠᠵᠤ ᠠᠬᠤᠶᠢᠯᠠᠯ ᠳᠤ ᠬᠤᠯᠪᠣᠭᠳᠠᠭᠰᠠᠨ ᠨᠡᠶᠢᠭᠡᠮ ᠲᠣᠭᠤᠷᠢᠭ ᠤᠨ ᠵᠠᠰᠠᠨ | ᠵᠠᠯᠠᠷᠠᠭᠤᠯᠬᠤ ᠡᠲᠡᠭᠡᠳ ᠲᠤ ᠦᠢᠯᠡᠴᠢᠯᠡᠬᠦ ᠪᠠᠳᠤᠯᠠᠭᠠᠨ ᠤ ᠠᠷᠭ᠎ᠠ ᠬᠡᠮᠵᠢᠶ᠎ᠡ ︾ ᠵᠢᠴᠢ ︽ᠠᠵᠤ ᠠᠬᠤᠶᠢᠯᠠᠯ ᠳᠤ | ᠬᠤᠯᠪᠣᠭᠳᠠᠭᠰᠠᠨ ᠭᠦᠢᠴᠡᠳᠬᠡᠬᠦ ᠬᠡᠷᠡᠭ ᠲᠤ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠬᠠᠢ ᠠᠷᠪᠠᠨ ᠵᠤᠷᠪᠤᠰ | ᠰᠠᠨᠠᠯ︾ ᠵᠡᠷᠭᠡ ᠠᠯᠢ ᠣᠯᠠᠨ ᠠᠷᠭ᠎ᠠ ᠳᠦᠷᠢᠮ ᠢ ᠲᠤᠭᠳᠠᠭᠠᠨ ᠭᠡᠷᠡᠭᠵᠢᠬᠦᠯᠵᠦ᠂ ᠠᠵᠤ ᠠᠬᠤᠶᠢᠯᠠᠯ ᠳᠤ | ᠦᠢᠯᠡᠴᠢᠯᠡᠬᠦ ᠶᠠᠰᠤ ᠴᠢᠨᠠᠷ ᠪᠠ ᠦᠷ᠎ᠡ ᠪᠦᠳᠦᠮᠵᠢ ᠪᠠ ᠦᠨᠡᠨᠬᠦ ᠲᠡᠭᠡᠭᠰᠢᠯᠡᠬᠦᠯᠦᠨ᠂ ᠠᠵᠤ ᠠᠬᠤᠶᠢᠯᠠᠯ ᠤᠨ ᠬᠠᠤᠯᠢ | ᠶᠣᠰᠣᠨ ᠤ ᠡᠷᠬᠡ ᠠᠰᠢᠭ ᠪᠠ ᠡᠷᠡᠭᠦᠯ ᠢᠶᠠᠷ ᠬᠥᠭᠵᠢᠬᠦ ᠶᠢ ᠪᠠᠳᠤᠯᠠᠭᠰᠠᠨ ᠪᠠᠶᠢᠨ᠎ᠠ᠃ ᠳᠠᠷᠠᠭ᠎ᠠ ᠠᠯᠬᠤᠮ ᠳᠤ᠂ | ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠡᠭᠦᠷᠭᠡ ᠴᠢᠳᠠᠪᠬᠢ ᠳᠠᠭᠠᠨ ᠰᠠᠭᠤᠷᠢᠯᠠᠵᠤ᠂ | ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠲᠦᠰᠢᠭᠯᠡᠨ᠂ ᠠᠵᠤ ᠠᠬᠤᠶᠢᠯᠠᠯ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠨ ᠨᠡᠶᠢᠴᠡᠬᠦ ᠠᠵᠢᠯ ᠤᠨ ᠲᠣᠭᠲᠠᠴᠠ ᠶᠢ ᠬᠠᠶᠢᠵᠤ᠂ ᠬᠠᠤᠯᠢ ᠪᠠᠷ | ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠡᠷᠴᠢᠮ ᠢ ᠤᠯᠠᠮ | ᠴᠢᠩᠭᠠᠷᠠᠭᠤᠯᠤᠨ᠂ ᠠᠵᠤ ᠠᠬᠤᠶᠢᠯᠠᠯ ᠢ ᠵᠢᠯᠤᠭᠤᠳᠤᠨ ᠦᠨᠡᠨᠴᠢ ᠢᠲᠡᠭᠡᠮᠵᠢ ᠶᠢᠨ ᠤᠬᠠᠮᠰᠠᠷ ᠢ ᠨᠢ ᠴᠢᠩᠭᠠᠳᠬᠠᠵᠤ᠂ | ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠤᠯᠭᠠᠨ᠂ ᠪᠥᠬᠦ ᠬᠤᠰᠢᠭᠤᠨ ᠤ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠪᠠᠷ ᠪᠠᠶᠢᠨ᠎ᠠ᠃ |