ᠬᠠᠪᠤᠷ ᠤᠨ ᠲᠠᠷᠢᠶᠠᠯᠠᠭ᠎ᠠ — ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠪᠠᠶᠢᠴᠠᠭᠠᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠠᠳᠤᠯᠠᠨ᠎ᠠ
ᠨᠡᠶᠢᠲᠡᠯᠡᠭᠰᠡᠨ ᠴᠠᠭ᠄
2024/4/12
  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠦᠢᠯᠡᠳᠪᠦᠷᠢᠯᠡᠯ ᠤᠨ ᠭᠡᠷᠡᠭᠰᠡᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠪᠦᠭᠦ ᠬᠤᠰᠢᠭᠤᠨ ᠤ  ᠲᠠᠷᠢᠶᠠᠯᠠᠩ ᠤᠨ ᠦᠢᠯᠡᠳᠪᠦᠷᠢᠯᠡᠯ ᠤᠨ ᠭᠡᠷᠡᠭᠰᠡᠯ ᠤᠨ ᠵᠠᠬ᠎ᠠ ᠳᠡᠯᠭᠡᠭᠦᠷ ᠲᠤ ᠬᠠᠤᠯᠢ ᠭᠡᠷᠡᠭᠵᠢᠬᠦᠯᠬᠦ ᠪᠠᠶᠢᠴᠠᠭᠠᠯᠲᠠ  ᠬᠢᠵᠦ ᠪᠠᠶᠢᠨ᠎ᠠ᠃ ᠠᠵᠢᠯᠲᠠᠳ ᠠᠴᠠ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂  ᠦᠢᠯᠡᠳᠪᠦᠷᠢᠯᠡᠯ ᠤᠨ ᠭᠡᠷᠡᠭᠰᠡᠯ ᠤᠨ ᠴᠢᠨᠠᠷ ᠢ ᠪᠠᠲᠤᠯᠠᠬᠤ ᠬᠤᠭᠤᠴᠠᠭ᠎ᠠ᠂ ᠳᠠᠩᠰᠠᠯᠠᠭᠤᠯᠤᠭᠰᠠᠨ ᠪᠠᠶᠢᠳᠠᠯ ᠵᠢᠴᠢ ᠬᠢᠵᠢᠭ ᠤᠨ ᠪᠠᠶᠢᠴᠠᠭᠠᠯᠳᠠ ᠬᠢᠯᠭᠡᠭᠰᠡᠨ ᠡᠰᠡᠬᠦ ᠶᠢ ᠨᠠᠷᠢᠨ ᠨᠢᠮᠪᠠᠢ ᠪᠠᠶᠢᠴᠠᠭᠠᠨ ᠦᠵᠡᠬᠦ ᠶᠢᠨ ᠤ ᠬᠠᠮᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ  ᠰᠦᠯᠢᠶᠤᠤ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ︽ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠴᠤ ᠬᠡᠷᠡᠭᠯᠡᠬᠦ  ᠶᠡᠷᠦ ᠶᠢᠨ ᠮᠡᠳᠡᠯᠭᠡ  ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂  ᠬᠠᠮᠢᠶ᠎ᠠ ᠪᠦᠬᠦᠢ ᠬᠠᠤᠯᠢ ᠲᠦᠷᠢᠮ ᠪᠠ ᠶᠡᠷᠦ ᠶᠢᠨ ᠮᠡᠳᠡᠯᠭᠡ ᠶᠢ ᠤᠬᠠᠭᠤᠯᠤᠨ  ᠂  ᠡᠵᠡᠩᠨᠡᠭᠴᠢᠳ ᠤᠨ  ᠬᠠᠤᠯᠢ ᠶᠤᠰᠤᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠤᠬᠠᠮᠰᠠᠷᠲᠤ ᠴᠢᠨᠠᠷ ᠢ ᠴᠢᠩᠭᠠᠳᠬᠠᠪᠠ᠃ ᠬᠠᠤᠯᠢ ᠬᠡᠷᠡᠭᠵᠢᠭᠦᠯᠬᠦ ᠠᠵᠢᠯᠲᠠᠨ ᠠᠴᠠ ᠡᠯ᠎ᠡ ᠡᠵᠡᠩᠨᠡᠯᠲᠡ ᠶᠢᠨ ᠳᠡᠯᠭᠡᠭᠦᠷ   ᠢ  ᠡᠵᠡᠩᠨᠡᠯᠳᠡ ᠪᠤᠷᠤᠯᠠᠭᠤᠯᠭ᠎ᠠ ᠶᠢᠨ ᠲᠠᠩᠰᠠ ᠪᠠᠷᠢᠮᠳᠠ ᠪᠠᠨ ᠤᠯᠠᠮ ᠲᠤᠳᠤᠷᠬᠠᠶᠢᠯᠠᠵᠤ᠂ ᠪᠣᠭᠤᠳᠠᠯ ᠪᠠᠭᠯᠠᠭ᠎ᠠ ᠮᠡᠳᠦ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ᠂  ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠠᠮᠢᠶᠠᠷᠤᠯᠳᠠ ᠪᠠᠨ ᠴᠢᠩᠭᠠᠳᠬᠠᠬᠤ ᠭᠡᠷᠡᠭᠳᠡᠢ ᠬᠡᠵᠦ ᠠᠬᠢᠨ ᠲᠠᠬᠢᠨ ᠱᠠᠭᠠᠷᠳᠠᠵᠠᠢ᠃    ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠡᠶᠢᠨ ᠬᠦ᠋ ︽ ᠦᠴᠦᠬᠡᠨ ᠲᠡᠳᠦᠢ ᠴᠤ ᠢᠯᠳᠠᠷ ᠬᠠᠶᠠᠬᠤ ᠦᠬᠡᠢ  ︾ ᠣᠪᠣᠷ ᠢ  ᠪᠠᠷᠢᠮᠳᠠᠯᠠᠨ᠂ ᠬᠠᠭᠤᠷᠮᠠᠭ ᠮᠠᠭᠤ ᠦᠢᠯᠡᠳᠪᠦᠷᠢᠯᠡᠯ ᠤᠨ ᠭᠡᠷᠡᠭᠰᠡᠯ ᠢ ᠦᠢᠯᠡᠳᠦᠨ ᠪᠣᠷᠣᠯᠠᠭᠤᠯᠬᠤ᠂ ᠦᠨᠡᠮᠯᠡᠯ ᠦᠭᠡᠢ ᠪᠠᠷ ᠡᠵᠡᠩᠨᠡᠬᠦ ᠵᠡᠷᠭᠡ ᠡᠯ᠎ᠡ ᠲᠦᠷᠦᠯ ᠤᠨ ᠬᠠᠤᠯᠢ ᠪᠤᠰᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂  ᠨᠢᠭᠡ ᠶᠢ ᠢᠯᠡᠷᠡᠭᠦᠯᠪᠡᠯ ᠨᠢᠭᠡ ᠶᠢ ᠰᠢᠢᠳᠪᠦᠷᠢᠯᠡᠨ᠂ ᠠᠮᠤ ᠪᠤᠳᠠᠭᠠᠨ ᠤ ᠠᠮᠤᠷ ᠲᠦᠪᠰᠢᠨ ᠪᠠ ᠮᠠᠯᠴᠢᠨ ᠲᠠᠷᠢᠶᠠᠴᠢᠨ ᠤ ᠠᠰᠢᠭ ᠲᠤᠰᠠ ᠶᠢ ᠪᠥᠬᠦ ᠬᠦᠴᠦᠨ ᠢᠶᠠᠷ ᠬᠠᠮᠠᠭᠠᠯᠠᠵᠤ᠂ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠠᠳᠤᠯᠠᠭ᠎ᠠ ᠬᠠᠩᠭᠠᠬᠤ ᠪᠠᠷ ᠪᠠᠶᠢᠨ᠎ᠠ᠃  ᠣᠳᠣᠬᠠᠨ ᠳᠤ ᠡᠨᠡᠬᠦ ᠠᠵᠢᠯ  ᠪᠠᠴᠢᠮ ᠶᠠᠭᠠᠷᠠᠯᠲᠠᠢ ᠦᠷᠬᠦᠯᠵᠢᠯᠡᠭᠰᠡᠭᠡᠷ  ᠂᠂᠂᠂᠂᠂
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号