ᠬᠠᠪᠤᠷ ᠤᠨ ᠲᠠᠷᠢᠶᠠᠯᠠᠭ᠎ᠠ — ᠠᠵᠢᠯᠴᠢ ᠬᠥᠮᠥᠨ ᠤ ᠬᠠᠪᠤᠷ ᠡᠷᠲᠡ
ᠨᠡᠶᠢᠲᠡᠯᠡᠭᠰᠡᠨ ᠴᠠᠭ᠄
2024/4/12
   ᠬᠠᠪᠤᠷ ᠤᠨ ᠤᠷᠢ ᠤᠷᠤᠵᠤ ᠬᠠᠶᠢᠯ ᠤᠨ ᠤᠰᠤ ᠤᠷᠤᠰᠬᠤᠶ᠎ᠠ᠂  ᠲᠠᠶᠢᠹᠤᠰᠧ ᠬᠤᠰᠢᠭᠤᠨ ᠤ ᠲᠥᠮᠥᠰᠥ ᠳᠠᠷᠢᠬᠤ ᠲᠠᠷᠢᠶᠠᠴᠢᠨ ᠡᠷᠦᠬᠡ ᠤᠳ ᠨᠢ ᠲᠥᠮᠥᠰᠥ ᠬᠡᠷᠴᠢᠬᠦ ᠠᠵᠢᠯ ᠢᠶᠠᠨ ᠶᠠᠭᠠᠷᠠᠯᠲᠠᠢ ᠬᠢᠵᠦ᠂ ᠤᠳᠠᠯ ᠦᠭᠡᠢ ᠬᠦᠷᠴᠦ ᠢᠷᠡᠬᠦ ᠬᠠᠪᠤᠷ ᠤᠨ ᠲᠠᠷᠢᠶᠠᠯᠠᠭ᠎ᠠ ᠶᠢᠨ ᠢᠶᠠᠨ ᠤᠷᠤᠭᠰᠢᠲᠠᠢ ᠶᠠᠪᠤᠭᠳᠠᠬᠤ ᠳᠤ ᠰᠠᠭᠤᠷᠢ ᠶᠢ ᠲᠠᠯᠪᠢᠨ᠎ᠠ᠃ ᠲᠦᠷᠦᠭᠦᠬᠡᠨ᠂ ᠰᠤᠷᠪᠤᠯᠵᠢᠯᠠᠭᠴᠢ ᠴᠢᠶᠠᠨ ᠶᠢᠨ ᠭᠧᠦ ᠪᠠᠯᠭᠠᠰᠤᠨ ᠤ ᠰᠠᠨ ᠵᠢᠶᠧ ᠲᠣᠰᠬᠤᠨ ᠤ ᠭᠦᠸᠧ ᠹᠧᠩ ᠲᠦᠮᠦᠰᠦᠨ ᠤ ᠦᠢᠯᠡᠰ ᠤᠨ ᠬᠤᠷᠰᠢᠶᠠᠵᠢᠯ ᠳᠤ ᠬᠦᠷᠬᠦ ᠳᠤ᠂ ᠠᠵᠢᠯᠴᠢᠳ ᠶᠠᠭ ᠲᠤᠩᠭᠠᠯᠠᠭ ᠰᠠᠶᠢᠬᠠᠨ ᠡᠳᠦᠷ ᠢ ᠵᠠᠪᠳᠤᠵᠤ᠂  ᠬᠡᠷᠴᠢᠬᠦ᠂ ᠤᠭᠤᠲᠠᠯᠠᠬᠤ᠂ ᠵᠥᠭᠡᠭᠡᠪᠦᠷᠢᠯᠡᠬᠦ  ᠠᠵᠢᠯ ᠢᠶᠠᠨ ᠱᠠᠯᠠᠪᠳᠠᠨ ᠬᠢᠵᠦ᠂ ᠤᠨᠠᠭᠰᠠᠨ ᠮᠠᠯᠠᠭᠠᠢ ᠰᠢᠬᠦᠷᠬᠦ ᠵᠠᠪ ᠦᠬᠡᠢ ᠶᠠᠭᠠᠷᠠᠯᠳᠤᠵᠤ ᠪᠠᠶᠢᠭ᠎ᠠ ᠶᠢ ᠬᠠᠷᠠᠯ᠎ᠠ᠃       ᠭᠦᠸᠧ ᠹᠧᠩ ᠲᠥᠮᠥᠰᠥᠨ ᠤ ᠦᠢᠯᠡᠰ ᠤᠨ ᠬᠤᠷᠰᠢᠶᠠᠵᠢᠯ ᠤᠨ ᠳᠠᠭᠠᠭᠠᠮᠠᠯ ᠼᠤᠤ ᠯᠢ ᠴᠧᠩ᠄ ︽ᠪᠢᠳᠡ 3 ᠰᠠᠷ᠎ᠠ ᠶᠢᠨ 21 ᠤ ᠡᠳᠦᠷ ᠠᠴᠠ ᠲᠦᠮᠦᠰᠦ ᠬᠡᠷᠴᠢᠬᠦ ᠠᠵᠢᠯ ᠢᠶᠠᠨ ᠡᠬᠢᠯᠡᠵᠡᠢ᠂ ᠡᠨᠡ ᠵᠢᠯ  ᠪᠠᠷᠤᠭ 5100 ᠮᠦ ᠲᠠᠷᠢᠬᠤ ᠪᠠᠷ ᠪᠠᠶᠢᠨ᠎ᠠ᠂ 1800 ᠲᠣᠨ ᠪᠣᠷᠳᠣᠭᠤᠷ ᠲᠤᠭᠳᠠᠭᠠᠳ 200  ᠲᠤᠨ ᠨᠢ ᠨᠢᠬᠡᠨᠳᠡ ᠢᠷᠡᠵᠡᠢ᠃ 4 ᠰᠠᠷ᠎ᠠ ᠶᠢᠨ 10 ᠤ ᠤᠷᠴᠢᠮ ᠠᠴᠠ ᠬᠠᠭᠠᠯᠪᠤᠷᠢᠯᠠᠵᠤ ᠲᠡᠭᠰᠢᠯᠡᠬᠦ ᠠᠵᠢᠯ ᠢᠶᠠᠨ ᠡᠬᠢᠯᠡᠵᠦ᠂ 4 ᠰᠠᠷ᠎ᠠ ᠶᠢᠨ 20 ᠤ ᠡᠳᠦᠷ ᠠᠴᠠ ᠪᠠᠷᠤᠭ ᠲᠠᠷᠢᠭᠠᠳ ᠡᠬᠢᠯᠡᠴᠢᠬᠡᠨ᠎ᠡ᠂ 10 ᠰᠠᠤᠷᠢ ᠮᠠᠰᠢᠨ ᠵᠡᠷᠭᠡ ᠪᠠᠷ ᠬᠦᠳᠡᠯᠪᠡᠯ᠂ ᠪᠠᠷᠤᠭ ᠬᠠᠭᠠᠰ ᠰᠠᠷ᠎ᠠ ᠲᠠᠢ ᠪᠤᠯ ᠳᠠᠷᠢᠵᠤ ᠲᠠᠭᠤᠰᠤᠨ᠎ᠠ᠃ ᠡᠨᠡ ᠵᠢᠯ ᠤᠨ ᠲᠦᠮᠦᠰᠦᠨ ᠤ ᠲᠦᠷᠦᠯ ᠳᠤ ᠳ᠋ᠠ ᠹᠧᠩ ᠱᠸᠦ᠂  ᠸᠧ ᠲᠦ᠋᠂  ᠰᠢᠤᠸᠠᠢ ᠴᠤᠸᠠᠨ ᠬᠤᠩ  ᠵᠡᠷᠭᠡ ᠰᠠᠶᠢᠨ ᠲᠦᠷᠦᠯ ᠤᠳ ᠪᠤᠢ  ᠂  ᠡᠯᠪᠡᠭ ᠬᠤᠷᠢᠶᠠᠯᠲᠠ ᠣᠯᠬᠤ ᠶᠢ ᠯᠠ ᠬᠦᠰᠡᠵᠦ ᠪᠠᠶᠢᠨ᠎ᠠ︾  ᠃     ᠬᠤᠷᠰᠢᠶᠠᠵᠢᠯ ᠳᠤ ᠠᠵᠢᠯᠯᠠᠵᠤ ᠪᠠᠶᠢᠭ᠎ᠠ ᠲᠣᠰᠬᠤᠨ ᠤ ᠠᠷᠠᠳ ᠶᠠᠩ ᠶᠠᠨ ᠯᠢ᠄ ︽ ᠭᠡᠷ ᠤᠨ ᠡᠬᠦᠳᠡᠨ ᠳᠡᠭᠡᠨ ᠠᠵᠢᠯ ᠤᠯᠵᠤ ᠬᠢᠭᠡᠳ ᠮᠠᠰᠢ ᠪᠠᠶᠠᠷᠳᠠᠢ ᠪᠠᠶᠢᠨ᠎ᠠ᠂ ᠡᠳᠦᠷ ᠲᠤ 10 ᠴᠠᠭ ᠰᠢᠬᠠᠭᠤ ᠠᠵᠢᠯᠯᠠᠭᠠᠳ 155 ᠲᠥᠭᠦᠷᠢᠭ ᠤᠨ ᠴᠠᠯᠢᠩ ᠲᠠᠢ᠂   ᠭᠡᠷ ᠠᠴᠠ ᠣᠶᠢᠷᠠᠬᠠᠨ ᠪᠤᠯᠬᠤᠷ ᠪᠢᠳᠡᠨ ᠳᠤ ᠮᠠᠰᠢ ᠲᠦᠬᠦᠮ᠂ ᠡᠩ ᠤᠨ ᠴᠠᠭ  ᠲᠤ ᠭᠡᠷ ᠲᠡᠭᠡᠨ ᠬᠠᠷᠢᠵᠤ ᠲᠠᠷᠢᠶ᠎ᠠ ᠨᠤᠭᠤᠭ᠎ᠠ ᠪᠠᠨ ᠲᠠᠷᠢᠴᠢᠬᠠᠨ᠎ᠠ︾  ᠃  ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠶᠠᠩ ᠶᠠᠨ ᠯᠢ ᠰᠢᠭ  ᠭᠡᠷ ᠤᠨ ᠡᠭᠦᠳᠡᠨ ᠳᠡᠭᠡᠨ ᠠᠵᠢᠯ ᠤᠯᠵᠤ ᠤᠷᠤᠯᠭ᠎ᠠ ᠪᠠᠨ ᠨᠡᠮᠡᠭᠳᠡᠬᠦᠯᠦᠭᠰᠡᠨ ᠲᠣᠰᠬᠤᠨ ᠤ ᠠᠷᠠᠳ ᠪᠠᠰᠠ ᠵᠦᠩᠳᠡᠭᠡᠨ ᠣᠯᠠᠨ ᠪᠠᠶᠢᠯ᠎ᠠ᠃     ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠤᠯᠤᠰ ᠤᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ  ᠪᠠᠶᠢᠭᠤᠯᠤᠯᠲᠠ  ᠶᠢ ᠶᠡᠭᠡ ᠪᠠᠷ ᠠᠬᠢᠭᠤᠯᠤᠨ᠂ ᠲᠥᠮᠥᠰᠥᠨ ᠤ ᠠᠵᠤ ᠦᠢᠯᠡᠰ ᠢ ᠬᠥᠳᠡᠭᠡ ᠲᠣᠰᠬᠤᠨ ᠤ ᠠᠵᠤ ᠠᠬᠤᠢ ᠶᠢ ᠴᠡᠴᠡᠭᠯᠡᠭᠦᠯᠬᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠭᠤᠣᠯᠯᠠᠭᠴᠢ ᠠᠵᠤ ᠦᠢᠯᠡᠰ ᠪᠣᠯᠭᠠᠨ  ᠬᠦᠭᠵᠢᠬᠦᠯᠵᠦ᠂ ᠠᠵᠤ ᠦᠢᠯᠡᠰ ᠤᠨ ᠰᠠᠭᠤᠷᠢ ᠶᠢ ᠪᠠᠬᠢᠵᠢᠬᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂  ᠲᠠᠷᠢᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠦᠭᠵᠢᠯᠳᠡ ᠶᠢᠨ ᠰᠢᠨ᠎ᠡ ᠵᠠᠭᠪᠤᠷ ᠢ ᠪᠤᠢ ᠪᠤᠯᠭᠠᠭᠠᠳ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠡᠢ᠃ ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠥᠬᠦ ᠬᠤᠰᠢᠭᠤᠨ ᠤ ᠲᠥᠮᠥᠰᠥ ᠳᠠᠷᠢᠬᠤ ᠲᠠᠯᠠᠪᠠᠶ 43.1 ᠲᠦᠮᠡᠨ ᠮᠦ ᠳᠤ ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ 12 ᠳ᠋ᠦᠩᠰᠢᠭᠤᠷ ᠲᠥᠭᠦᠷᠢᠭ ᠲᠠᠪᠠᠭᠰᠠᠨ ᠪᠠᠶᠢᠨ᠎ᠠ᠃  2024 ᠣᠨ ᠳᠤ ᠲᠤᠰ ᠬᠤᠰᠢᠭᠤ ᠨᠢ 43 ᠲᠦᠮᠡᠨ ᠮᠦ ᠲᠦᠮᠦᠰᠦ ᠳᠠᠷᠢᠬᠤ ᠲᠦᠰᠦᠪ ᠲᠦᠯᠦᠪᠯᠡᠭᠡ ᠶᠢ ᠲᠤᠭᠳᠠᠭᠠᠳ᠂  ᠮᠡᠷᠭᠡᠵᠢᠯ ᠤᠨ ᠵᠢᠯᠣᠭᠤᠳᠤᠯᠭ᠎ᠠ   ᠶᠢ ᠦᠷᠭᠦᠯᠵᠢᠯᠡᠨ ᠴᠢᠩᠭᠠᠷᠠᠭᠤᠯᠵᠤ᠂ ᠮᠥᠷᠳᠡᠨ ᠦᠢᠯᠡᠴᠢᠯᠡᠬᠦ  ᠠᠵᠢᠯ ᠢ ᠰᠠᠶᠢᠨ ᠬᠢᠬᠦ ᠪᠠᠷ ᠲᠠᠮᠵᠢᠨ᠂ ᠲᠦᠮᠦᠰᠦᠨ ᠤ ᠤᠨᠠᠯᠳᠠ ᠭᠠᠷᠤᠯᠲᠠ ᠪᠠ ᠶᠠᠰᠤ ᠴᠢᠨᠠᠷ ᠢ ᠲᠡᠭᠡᠭᠰᠢᠯᠡᠬᠦᠯᠵᠦ᠂ ᠪᠥᠬᠦ ᠬᠤᠰᠢᠭᠤᠨ ᠤ ᠲᠦᠮᠦᠰᠦᠨ ᠤ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ  ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号