ᠣᠯᠠᠨ ᠲᠦᠮᠡᠨᠴᠢ ᠬᠥᠮᠦᠵᠢᠯ ᠦᠢᠯᠡᠳᠦᠯᠭᠡ  — ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠯᠥᠸᠧ ᠲᠦᠸᠧ ᠱᠠᠨ ᠪᠠᠯᠭᠠᠰᠤᠨ ᠳᠤ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/4/12
 ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂  ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠬᠡᠶᠢᠷᠡᠬᠦᠯᠦᠨ ᠪᠤᠳᠠᠳᠠᠶᠢᠵᠢᠭᠤᠯᠬᠤ ᠶᠢᠨ ᠲᠥᠯᠥᠭᠡ᠂ 4 ᠰᠠᠷ᠎ᠠ ᠶᠢᠨ 7  ᠤ ᠡᠳᠦᠷ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠯᠥᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠪᠠᠶᠢᠴᠠᠭᠠᠭᠴᠢ ᠳᠠᠷᠤᠭ᠎ᠠ ᠨᠠᠷᠠᠰᠤ ᠪᠣᠯᠣᠨ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠠᠵᠢᠯᠲᠠᠨ ᠵᠠᠩ ᠬᠤᠤ ᠢᠦᠢ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠲᠠᠢ ᠨᠢᠭᠲᠠ ᠤᠶᠠᠯᠳᠤᠭᠤᠯᠵᠤ᠂  ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠳᠡᠷᠭᠡᠳᠡᠬᠢ ᠪᠣᠳᠠᠲᠤ ᠵᠢᠱᠢᠶ᠎ᠡ ᠂ ᠬᠥᠭᠵᠢᠯᠲᠡ ᠬᠤᠪᠢᠷᠠᠯᠲᠠ ᠵᠡᠷᠭᠡ ᠲᠠᠢ ᠤᠶᠠᠯᠳᠤᠭᠤᠯᠤᠨ᠂ ᠨᠠᠮ ᠤᠨ ᠱᠤᠭᠤᠮ ᠴᠢᠭᠯᠡᠯᠲᠡ ᠪᠣᠯᠣᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠮᠠᠨ ᠤ ᠬᠤᠰᠢᠭᠤᠨ ᠤ ᠣᠶᠢᠷ᠎ᠠ ᠶᠢᠨ ᠬᠡᠳᠦᠨ ᠵᠢᠯ ᠤᠨ ᠠᠵᠤ ᠠᠬᠤᠢ᠂ ᠨᠡᠶᠢᠭᠡᠮ᠂ ᠰᠣᠶᠣᠯ᠂ ᠠᠮᠢ ᠠᠬᠤᠢ   ᠶᠢᠨ ᠬᠦᠷᠢᠶ᠎ᠡ ᠴᠠᠷᠠᠭᠠᠨ ᠤ ︽ᠬᠥᠭᠵᠢᠯᠲᠡ ᠶᠢᠨ ᠲᠠᠩᠰᠠ︾ ᠶᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠤᠶᠢᠯᠠᠭᠠᠭᠤᠯᠤᠨ᠂ ᠨᠠᠮ ᠤᠨ ᠠᠴᠢ ᠳᠤ ᠲᠠᠯᠠᠷᠬᠠᠬᠤ ᠰᠡᠳᠬᠢᠯᠭᠡ ᠶᠢ ᠡᠷᠡᠯᠬᠡᠭᠯᠡᠨ ᠤᠷᠤᠭᠰᠢᠯᠠᠬᠤ ᠢᠳᠡᠭᠡᠯ ᠵᠣᠷᠢᠭ ᠪᠣᠯᠭᠠᠨ ᠬᠤᠪᠢᠷᠠᠭᠤᠯᠬᠤ ᠭᠡᠷᠡᠭᠳᠡᠢ ᠬᠡᠵᠦ ᠤᠷᠢᠶᠠᠯᠠᠪᠠ᠃ ᠳᠠᠷᠠᠭᠠᠴᠢ ᠶᠢᠨ ᠠᠯᠬᠤᠮ ᠳᠤ᠂ ᠯᠥᠸᠧ ᠲᠦᠸᠧ ᠱᠠᠨ ᠪᠠᠯᠭᠠᠰᠤ ᠨᠢ  ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠨᠤᠲᠤᠭ ᠤᠨ ᠲᠠᠭᠤᠨ︾   ᠢᠶᠠᠷ ︽ᠨᠠᠮ ᠤᠨ ᠲᠠᠭᠤᠨ︾ ᠶᠢ ᠲᠠᠮᠵᠢᠭᠤᠯᠤᠨ᠂ ᠤᠯᠠᠨ ᠲᠦᠮᠡᠨ ᠢ ᠵᠢᠯᠤᠭᠤᠳᠬᠤ ᠪᠠ ᠤᠯᠠᠨ ᠲᠦᠮᠡᠨ ᠳᠤ ᠦᠢᠯᠡᠴᠢᠯᠡᠬᠦ ᠶᠢ ᠤᠶᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠴᠢᠳᠠᠪᠬᠢ︾ ᠶᠢ ᠴᠢᠩᠭᠠᠳᠬᠠᠬᠤ ᠴᠢᠬᠤᠯᠠ ᠭᠠᠷᠳᠠᠴᠠ ᠪᠣᠯᠭᠠᠨ ᠬᠤᠪᠢᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠢᠯᠤᠭᠤᠳᠤᠨ  ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ ᠂ ᠨᠠᠮ ᠢᠶᠠᠨ ᠲᠠᠭᠠᠵᠤ ᠤᠷᠤᠭᠰᠢᠯᠠᠬᠤ︾ ᠶᠢ ᠪᠡᠶᠡᠯᠡᠬᠦᠯᠬᠦ ᠪᠠᠷ ᠪᠠᠶᠢᠨ᠎ᠠ᠃  ᠪᠠᠯᠭᠠᠰᠤ ᠲᠣᠰᠬᠤᠨ ᠤ ᠺᠠᠳ᠋ᠷ ᠠᠵᠢᠯᠳᠠᠳ ᠬᠤᠷᠠᠯ ᠳᠤ ᠣᠷᠣᠯᠴᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号