ᠣᠯᠠᠨ ᠲᠦᠮᠡᠨᠴᠢ ᠬᠥᠮᠦᠵᠢᠯ ᠦᠢᠯᠡᠳᠦᠯᠭᠡ  — ᠯᠦᠸᠧ ᠲᠦᠸᠧ ᠱᠠᠨ ᠪᠠᠯᠭᠠᠰᠤ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷ᠎ᠡ ᠪᠦᠲᠦᠮᠵᠢᠲᠡᠶ ᠠᠬᠢᠭᠤᠯᠤᠨ᠎ᠠ
ᠨᠡᠶᠢᠲᠡᠯᠡᠭᠰᠡᠨ ᠴᠠᠭ᠄
2024/4/12
   ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ   ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ   ᠶᠢᠨ ᠠᠵᠢᠯᠯᠠᠭ᠎ᠠ   ᠶᠢ ᠥᠷᠨᠢᠭᠦᠯᠦᠭᠰᠡᠨ ᠠᠴᠠ ᠨᠠᠰᠢ  ᠯᠥᠸᠧ ᠲᠦᠸᠧ ᠱᠠᠨ ᠪᠠᠯᠭᠠᠰᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠶᠢ ᠰᠤᠷᠤᠯᠴᠠᠠ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢᠶᠠᠷ ᠶᠡᠷᠦᠩᠬᠡᠢ ᠵᠢᠯᠣᠭᠤᠳᠤᠯᠭ᠎ᠠ ᠪᠣᠯᠭᠠᠵᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠦᠨᠳᠦᠰᠦᠨ ᠱᠠᠲᠤᠨ  ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠲᠦᠰᠢᠭ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠵᠢᠯᠤᠭᠤᠳᠤᠨ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ   ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠶᠢ ᠪᠡᠶᠡᠯᠡᠬᠦᠯᠵᠦ ᠪᠠᠶᠢᠨ᠎ᠠ᠃     ᠪᠠᠯᠭᠠᠰᠤᠨ ᠤ ᠨᠠᠮ ᠤᠨ ᠬᠤᠷᠢᠶ᠎ᠠ ᠨᠢ ᠬᠡᠷᠡᠭᠵᠢᠭᠦᠯᠬᠦ ᠲᠦᠰᠦᠪ ᠢ ᠴᠠᠭ ᠲᠤᠬᠠᠢ ᠳᠤᠨᠢ ᠲᠤᠭᠳᠠᠭᠠᠵᠤ᠂ ᠬᠤᠷᠠᠯ ᠬᠢᠵᠦ ᠪᠣᠳᠠᠲᠠᠢ ᠠᠵᠢᠯ ᠢ ᠪᠠᠶᠢᠷᠢᠯᠠᠭᠤᠯᠤᠨ᠂ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠠᠵᠢᠯ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠳᠤ ᠲᠦᠰᠢᠭᠯᠡᠵᠦ ᠤᠨᠤᠯ ᠤᠨ ᠰᠤᠷᠤᠯᠴᠠᠯᠭ᠎ᠠ ᠶᠢ ᠰᠠᠶᠢᠲᠤᠷ ᠠᠳᠬᠤᠨ᠂ ᠨᠠᠮ ᠤᠨ ᠭᠡᠰᠢᠭᠦᠨ ᠺᠠᠳ᠋ᠷᠴᠤᠳ  ᠢ ᠵᠢᠯᠤᠭᠤᠳᠤᠨ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠢ    ᠤᠶᠢᠯᠠᠭᠠᠭᠤᠯᠵᠤ ᠡᠵᠡᠮᠰᠢᠬᠦᠯᠵᠡᠢ᠃  ᠤᠳᠤ ᠪᠣᠯᠲᠠᠯ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ  ᠶᠢ 5 ᠤᠳᠠᠭ᠎ᠠ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾  ᠤᠨ ᠰᠤᠷᠤᠯᠴᠠᠯᠭ᠎ᠠ ᠶᠢ 110  ᠤᠳᠠᠭ᠎ᠠ᠂  ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 60 ᠭᠠᠷᠤᠢ ᠤᠳᠠᠭ᠎ᠠ ᠦᠷᠨᠢᠬᠦᠯᠪᠡ᠃     ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ᠂ ᠰᠠᠶᠢᠨ ᠳᠤᠷ᠎ᠠ ᠶᠢᠨ ᠦᠢᠯᠡᠴᠢᠯᠡᠭᠴᠢ ᠵᠡᠷᠭᠡ ᠬᠦᠮᠦᠰ ᠢᠶᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠠᠩᠭᠢ 20 ᠶᠢ ᠪᠠᠶᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠵᠤ ᠲᠤᠤᠱᠯᠠᠭᠤᠯᠬᠤ ᠲᠠᠢ ᠨᠢᠭᠲᠠ ᠤᠶᠠᠯᠳᠤᠭᠤᠯᠤᠨ᠂ ︽ᠲᠦᠷᠪᠡ ᠶᠢ ᠦᠨᠳᠦᠰᠦᠨ ᠱᠠᠲᠤᠨ ᠳᠤ ᠬᠦᠷᠭᠡᠬᠦ︾  ᠠᠷᠭ᠎ᠠ ᠲᠤᠷᠰᠢᠯᠭ᠎ᠠ ᠶᠢ ᠭᠡᠷᠡᠭᠯᠡᠵᠦ᠂  ᠳᠥᠭᠦᠮ ᠣᠶᠢᠯᠠᠭᠠᠮᠵᠢᠲᠠᠢ ᠦᠭᠡ ᠶᠠᠷᠢᠶ᠎ᠠ ᠪᠠᠷ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠲᠣᠳᠣᠷᠬᠠᠢ ᠶᠠᠷᠢᠵᠤ ᠦᠭᠬᠦᠭᠰᠡᠨ ᠪᠠᠶᠢᠨ᠎ᠠ᠃  ᠤᠳᠤ ᠪᠣᠯᠲᠠᠯ᠎ᠠ ᠪᠦᠬᠦ ᠪᠠᠯᠭᠠᠰᠤ ᠪᠠᠷ ᠢᠶᠠᠨ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ   ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠶᠢ 20 ᠤᠳᠠᠭ᠎ᠠ ᠬᠢᠵᠦ᠂ ᠤᠬᠠᠭᠤᠯᠭ᠎ᠠ ᠲᠠᠶᠢᠯᠤᠮᠵᠢ ᠶᠢ ᠰᠤᠨᠤᠰᠤᠭᠰᠠᠳ 400 ᠭᠠᠷᠤᠢ ᠬᠥᠮᠥᠨ ᠤᠳᠠᠭ᠎ᠠ ᠳᠤ ᠬᠦᠷᠴᠡᠢ᠃ ᠡᠬᠦᠨ ᠤ ᠬᠠᠮᠳᠤ 19 ᠲᠣᠰᠬᠤᠨ ᠳᠤ ᠤᠬᠠᠭᠤᠯᠭ᠎ᠠ ᠶᠢᠨ ᠤᠷᠢᠶ᠎ᠠ ᠡᠯᠭᠦᠵᠦ᠂  40 ᠭᠠᠷᠤᠢ ᠤᠬᠠᠭᠤᠯᠭ᠎ᠠ ᠶᠢᠨ ᠰᠠᠮᠪᠠᠷ᠎ᠠ ᠶᠢ ᠪᠤᠰᠬᠠᠭᠰᠠᠨ ᠪᠦᠭᠡᠳ  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ︾ ︽ᠨᠢᠬᠡᠨ ᠲᠡᠪᠳᠡᠷ ᠬᠥᠭᠵᠢᠯᠲᠡ ᠶᠢᠨ ᠲᠠᠩᠰᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠢ ᠬᠤᠪᠢ ᠲᠠᠷᠬᠠᠭᠠᠵᠤ᠂  ︽ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ︾ ᠶᠢᠨ ᠢᠯᠡ ᠺᠠᠷᠲ ᠢ 3000 ᠭᠠᠷᠤᠢ ᠬᠤᠪᠢ ᠲᠠᠷᠬᠠᠭᠠᠪᠠ᠃ ᠡᠯ᠎ᠡ ᠲᠤᠰᠬᠤᠨ ᠤ ᠬᠢᠨ ᠲᠣᠰ ᠲᠣᠰ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠠᠭᠠᠨ ᠰᠠᠷ᠎ᠠ  ᠪᠠᠨ ᠤᠭᠲᠤᠬᠤ ᠤᠷᠠᠨ ᠰᠠᠶᠢᠬᠠᠨ ᠤ ᠦᠳᠡᠰᠢᠯᠡᠭᠡ  ᠂ ︽ᠲᠡᠷᠭᠡᠳᠡ ᠡᠬᠦᠰᠦᠭᠰᠡᠨ ᠰᠢᠨ᠎ᠡ ᠬᠤᠪᠢᠷᠠᠯᠲᠠ︾ ᠶᠢᠨ ᠲᠤᠬᠠᠢ ᠶᠠᠷᠢᠶ᠎ᠠ ᠢᠯᠡᠳᠭᠡᠯ᠂ ᠲᠡᠷᠢᠭᠦᠨ ᠤ ᠬᠢ ᠶᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠡᠯ᠎ᠡ ᠲᠥᠷᠥᠯ ᠤᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠠᠭᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠂ ᠰᠤᠷᠤᠯᠴᠠᠯᠭ᠎ᠠ ᠬᠦᠮᠦᠵᠢᠯ ᠭᠦᠨᠵᠡᠭᠡᠶᠢᠷᠡᠨ ᠪᠣᠳᠠᠲᠠᠶᠢᠵᠢᠵᠤ ᠰᠡᠳᠬᠢᠯ ᠳᠤ ᠬᠠᠳᠠᠩᠰᠢᠬᠤ ᠶᠢ ᠲᠠᠰᠤᠷᠠᠯᠳᠠ ᠦᠬᠡᠢ ᠠᠬᠢᠭᠤᠯᠤᠭᠰᠠᠨ ᠪᠠᠶᠢᠨ᠎ᠠ᠃     ᠲᠤᠰ ᠪᠠᠯᠭᠠᠰᠤ ᠨᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠨᠠᠮ ᠤᠨ ᠭᠡᠰᠢᠭᠦᠨ ᠭᠤᠣᠯᠳᠠᠯᠭᠠᠲᠤ ᠡᠷᠦᠭᠡ ᠵᠡᠷᠭᠡ ᠶᠢᠨ ᠤᠯᠠᠨ ᠲᠦᠮᠡᠨ ᠲᠠᠢ ᠤᠶᠢᠷ᠎ᠠ ᠪᠠᠶᠢᠳᠠᠭ ᠳᠠᠪᠠᠭᠤᠯᠢᠭ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠠᠶᠢᠯ ᠡᠷᠦᠭᠡ ᠳᠤ ᠬᠦᠨᠵᠡᠬᠡᠶᠢᠷᠡᠬᠦᠯᠦᠨ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ 600 ᠭᠠᠷᠤᠢ ᠵᠤᠷᠪᠤᠰ ᠬᠤᠷᠢᠶᠠᠭᠰᠠᠨ ᠪᠦᠭᠡᠳ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠶᠢ 60 ᠭᠠᠷᠤᠢ ᠤᠳᠠᠭ᠎ᠠ ᠥᠷᠨᠢᠭᠦᠯᠵᠦ᠂ 4000 ᠭᠠᠷᠤᠢ ᠬᠥᠮᠥᠨ ᠤᠳᠠᠭ᠎ᠠ ᠠᠵᠢᠯᠯᠠᠭ᠎ᠠ ᠳᠤ ᠤᠷᠤᠯᠴᠠᠵᠠᠢ᠃ ᠣᠯᠠᠨ ᠲᠠᠯ᠎ᠠ ᠶᠢᠨ  ᠬᠢᠨ ᠤ ᠣᠷᠣᠯᠴᠠᠭᠰᠠᠨ ᠵᠥᠷᠢᠴᠡᠯ ᠵᠢᠭᠤᠷᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ 19 ᠲᠣᠰᠬᠤᠨ ᠳᠤ ᠪᠦᠷ ᠡᠶᠡᠳᠡᠭᠦᠯᠬᠦ ᠪᠦᠯᠬᠦᠮ ᠪᠠᠶᠢᠭᠤᠯᠤᠨ᠂  ᠪᠠᠯᠭᠠᠰᠤ ᠲᠤᠰᠬᠤᠨ ᠺᠠᠳ᠋ᠷ᠂ ᠨᠤᠲᠤᠭ ᠤᠨ ᠴᠢᠳᠠᠪᠤᠷᠢᠲᠠᠨ᠂  ᠰᠠᠶᠢᠨ ᠳᠤᠷ᠎ᠠ ᠶᠢᠨ ᠦᠢᠯᠡᠴᠢᠯᠡᠭᠴᠢ ᠵᠡᠷᠭᠡ ᠶᠢ ᠵᠣᠬᠢᠶᠠᠨ ᠪᠠᠶᠢᠭᠤᠯᠵᠤ᠂ ᠠᠶᠢᠯ ᠡᠷᠦᠭᠡ ᠳᠤ ᠪᠠᠶᠢᠩᠭᠤ ᠬᠦᠨᠵᠡᠬᠡᠶᠢᠷᠡᠨ ᠵᠥᠷᠢᠴᠡᠯ ᠵᠢᠭᠤᠷᠠᠭᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠨᠢᠬᠦᠯᠦᠭᠡᠳ᠂  ᠠᠶᠢᠯ ᠰᠠᠭᠠᠬᠠᠯᠳᠠ᠂ ᠭᠡᠷ ᠪᠦᠯᠢ ᠶᠢᠨ ᠵᠦᠷᠢᠴᠡᠯ ᠪᠤᠶᠤ ᠠᠵᠤ ᠠᠬᠤᠢ ᠶᠢᠨ ᠵᠢᠭᠤᠷᠠᠭᠠᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠰᠠᠶᠢᠨ ᠰᠢᠢᠳᠪᠦᠷᠢᠯᠡᠭᠰᠡᠨ ᠪᠠᠶᠢᠨ᠎ᠠ᠃  ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ︽  ᠬᠦᠯᠢᠶᠡᠨ ᠠᠪᠤᠪᠠᠯ ᠵᠠᠪᠠᠯ  ᠭᠦᠢᠴᠡᠳᠬᠡᠬᠦ︾ ︽ᠠᠷᠠᠳ ᠤᠨ ᠰᠠᠨᠠᠭ᠎ᠠ ᠶᠢ ᠡᠷᠭᠡᠪᠰᠢ ᠪᠡᠶᠡᠯᠡᠬᠦᠯᠬᠦ︾ ᠵᠡᠷᠭᠡ ᠲᠣᠭᠲᠠᠴᠠ ᠶᠢ ᠰᠦᠪᠡᠭᠴᠢᠯᠡᠨ᠂ ︽ᠬᠦᠴᠢᠷ ᠠᠰᠠᠭᠤᠳᠠᠯ ᠢ ᠰᠢᠢᠳᠪᠦᠷᠢᠯᠡᠵᠦ ᠪᠣᠳᠠᠲᠠᠢ ᠠᠵᠢᠯ ᠬᠢᠬᠦ︾᠂ ︽ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾ ᠵᠡᠷᠭᠡ ᠠᠵᠢᠯᠯᠠᠭ᠎ᠠ ᠶᠢ ᠬᠦᠨᠵᠡᠬᠡᠶᠢᠷᠡᠬᠦᠯᠵᠦ᠂  ᠦᠢᠯᠡᠴᠢᠯᠡᠬᠦ ᠬᠦᠷᠢᠶ᠎ᠡ ᠴᠠᠷᠠᠭ᠎ᠠ ᠪᠠᠨ ᠲᠠᠰᠤᠷᠠᠯᠲᠠ ᠦᠭᠡᠢ ᠦᠷᠭᠡᠳᠭᠡᠨ᠂  ᠣᠯᠠᠨ ᠲᠦᠮᠡᠨ ᠤ ᠬᠦᠰᠡᠵᠦ ᠮᠦᠷᠦᠭᠡᠳᠴᠦ ᠵᠣᠪᠠᠵᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ  ᠴᠢᠷᠮᠠᠶᠢᠨ ᠰᠢᠢᠳᠪᠦᠷᠢᠯᠡᠪᠡ᠃ ︽ ᠪᠢᠴᠢᠯ ᠬᠦᠰᠡᠯ  ᠢ ᠪᠡᠶᠡᠯᠡᠬᠦᠯᠬᠦ︾ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ︽ᠵᠠᠬᠢᠶᠠᠯᠠᠭ᠎ᠠ ᠶᠢᠨ ᠬᠠᠭᠤᠳᠠᠰᠤ︾ ᠢᠯᠡᠬᠡᠬᠦ᠂ ᠺᠠᠳ᠋ᠷᠴᠤᠳ  ︽ᠵᠠᠬᠢᠶᠠᠯᠠᠭ᠎ᠠ ᠶᠢᠨ ᠬᠠᠭᠤᠳᠠᠰᠤ︾ ᠶᠢ ᠲᠠᠮᠵᠢᠭᠤᠯᠬᠤ᠂ ᠨᠠᠮ ᠤᠨ ᠭᠡᠰᠢᠭᠦᠳ  ︽ᠵᠠᠬᠢᠶᠠᠯᠠᠭ᠎ᠠ ᠶᠢᠨ ᠬᠠᠭᠤᠳᠠᠰᠤ︾ ᠶᠢ ᠲᠤᠰᠬᠤ ᠬᠡᠯᠪᠡᠷᠢ ᠪᠠᠷ 80 ᠭᠠᠷᠤᠢ ᠬᠤᠪᠢ ︽ᠪᠢᠴᠢᠯ ᠬᠦᠰᠡᠯ︾ ᠢ ᠪᠡᠶᠡᠯᠡᠬᠦᠯᠦᠭᠰᠡᠨ ᠪᠦᠭᠡᠳ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 60  ᠤᠳᠠᠭ᠎ᠠ ᠦᠷᠨᠢᠬᠦᠯᠦᠭᠡᠳ᠂ ᠦᠨᠳᠦᠰᠦᠨ ᠱᠠᠲᠤᠨ ᠤ ᠬᠦᠴᠢᠷ ᠠᠰᠠᠭᠤᠳᠠᠯ ᠢ 70 ᠬᠤᠪᠢ ᠰᠢᠢᠳᠪᠦᠷᠢᠯᠡᠵᠦ᠂ ᠤᠯᠠᠨ ᠲᠦᠮᠡᠨ ᠳᠤ ᠬᠠᠪᠰᠤᠷᠤᠨ 1000 ᠭᠠᠷᠤᠢ ᠬᠡᠷᠡᠭ ᠶᠠᠪᠤᠳᠠᠯ ᠢ ᠰᠢᠢᠳᠪᠦᠷᠢᠯᠡᠵᠦ ᠥᠭᠴᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号