ᠬᠠᠪᠤᠷ ᠤᠨ ᠲᠠᠷᠢᠶᠠᠯᠠᠭ᠎ᠠ — ︽ᠳᠥᠷᠪᠡᠨ ᠦᠰᠦᠭ ᠤᠨ ᠠᠵᠢᠯᠯᠠᠬᠤ ᠠᠷᠭ᠎ᠠ︾ ᠪᠠᠷ ᠬᠠᠪᠤᠷ ᠤᠨ ᠲᠠᠷᠢᠶᠠᠯᠠᠭ᠎ᠠ ᠳᠠᠭᠠᠨ ᠪᠦᠷᠢᠨ ᠪᠡᠯᠡᠳᠬᠡᠨ᠎ᠡ
ᠨᠡᠶᠢᠲᠡᠯᠡᠭᠰᠡᠨ ᠴᠠᠭ᠄
2024/4/12
   ᠨᠢᠭᠡ ᠳᠤ᠂ ︽ᠲᠤᠬᠢᠷᠠᠭᠤᠯᠤᠯᠳᠠ︾ ᠶᠢ ᠲᠡᠷᠢᠭᠦᠨ ᠳᠤ ᠲᠠᠯᠪᠢᠵᠤ᠂ ᠲᠠᠷᠢᠶᠠᠯᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠦᠭᠰᠡᠨ᠃ ᠯᠦᠸᠧ ᠲᠦᠸᠧ ᠱᠠᠨ ᠪᠠᠯᠭᠠᠰᠤ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2024 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠤᠨ᠂ ᠪᠥᠬᠦ ᠪᠠᠯᠭᠠᠰᠤᠨ ᠤ ᠲᠠᠷᠢᠶᠠᠯᠠᠩ ᠦᠢᠯᠡᠳᠪᠦᠷᠢᠯᠡᠯ ᠤᠨ ᠠᠵᠢᠯ ᠤᠨ ᠰᠡᠳᠬᠢᠴᠡ ᠵᠢᠴᠢ ᠡᠭᠦᠷᠭᠡ ᠬᠠᠷᠠᠯᠲᠠ ᠶᠢ ᠨᠠᠷᠢᠨ ᠬᠢᠨᠠᠮᠠᠭᠠᠶ ᠲᠦᠯᠦᠪᠵᠢᠬᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠲᠦᠷᠭᠡᠳᠬᠡᠨ᠂ ᠣᠷᠭᠠᠨᠢᠭ ᠪᠣᠷᠲᠣᠭᠤᠷ ᠤᠨ ᠲᠥᠷᠥᠯ ᠵᠦᠢᠯ ᠢ ᠡᠷᠡᠮᠡᠯᠵᠡᠯᠡᠨ ᠣᠯᠵᠤ᠂ ᠤᠰᠤ ᠠᠷᠪᠢᠯᠠᠬᠤ ᠲᠠᠷᠢᠶᠠᠯᠠᠩ ᠪᠠ ᠣᠷᠭᠠᠨᠢᠭ ᠲᠠᠷᠢᠶᠠᠯᠠᠩ ᠢ ᠵᠡᠷᠭᠡᠪᠡᠷ ᠬᠦᠭᠵᠢᠬᠦᠯᠦᠨ᠂ ︽ᠬᠥᠷᠥᠰᠥ ᠰᠢᠷᠣᠶ ᠶᠢ ᠰᠠᠶᠢᠵᠢᠷᠠᠭᠤᠯᠵᠤ᠂ ᠲᠥᠮᠥᠰᠥ ᠶᠢ ᠲᠣᠭᠲᠠᠪᠤᠷᠢᠵᠢᠭᠤᠯᠤᠨ ᠠᠮᠤ ᠪᠤᠳᠠᠭ᠎ᠠ ᠶᠢ ᠨᠡᠮᠡᠭᠳᠡᠭᠦᠯᠬᠦ︾ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠰᠢᠬᠢᠷ ᠯᠤᠤᠪᠠᠩ᠂ ᠬᠤᠮᠠ᠂ ᠥᠨᠳᠥᠷ ᠤᠨᠠᠯᠳᠠᠳᠤ ᠡᠪᠡᠰᠦ ᠪᠣᠷᠳᠤᠭ᠎ᠠ ᠵᠡᠷᠭᠡ ᠠᠵᠤ ᠠᠬᠤᠶ ᠶᠢᠨ ᠲᠠᠷᠢᠮᠠᠯ ᠤᠨ ᠲᠠᠯᠠᠪᠠᠢ ᠳᠤ ᠵᠦᠢ ᠵᠣᠬᠢᠰᠲᠠᠶ ᠲᠤᠬᠢᠷᠠᠭᠤᠯᠤᠯᠳᠠ ᠬᠢᠵᠡᠢ᠃ ᠲᠥᠮᠥᠰᠥ ᠲᠠᠷᠢᠬᠤ ᠳᠠᠭᠠᠨ  ᠭᠦᠨ ᠬᠠᠭᠠᠯᠪᠤᠷᠢᠯᠠᠬᠤ ᠵᠢᠴᠢ ᠲᠠᠷᠢᠶᠠᠨ ᠭᠠᠵᠠᠷ ᠤᠨ ᠴᠢᠳᠠᠯ ᠢ ᠳᠡᠭᠡᠭᠰᠢᠯᠡᠭᠦᠯᠬᠦ ᠲᠥᠷᠥᠯ ᠵᠦᠢᠯ ᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ ᠲᠠᠷᠢᠮᠠᠯ ᠤᠨ ᠰᠠᠭᠤᠷᠢᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠨ ᠠᠳᠬᠤᠪᠠ᠃  ᠲᠤᠰ ᠪᠠᠯᠭᠠᠰᠤᠨ ᠤ ᠬᠢᠨ ᠡᠨᠡ ᠬᠠᠪᠤᠷ ᠠᠮᠤ ᠪᠤᠳᠠᠭᠠᠨ ᠤ ᠲᠠᠷᠢᠮᠠᠯ 14.85 ᠲᠦᠮᠡᠨ ᠮᠥ ︵ᠡᠭᠦᠨ ᠳᠤ ᠲᠥᠮᠥᠰᠥ 6.44 ᠲᠦᠮᠡᠨ ᠮᠥ︶᠂ ᠠᠵᠤ ᠠᠬᠤᠶ ᠶᠢᠨ ᠲᠠᠷᠢᠮᠠᠯ 10.01 ᠲᠦᠮᠡᠨ ᠮᠥ ︵ᠡᠭᠦᠨ ᠳᠤ ᠨᠤᠭᠤᠭᠠᠨ ᠪᠣᠷᠳᠤᠭ᠎ᠠ 4.8 ᠲᠦᠮᠡᠨ ᠮᠥ᠂ ᠢᠳᠡᠰᠢᠨ ᠨᠣᠭᠤᠭ᠎ᠠ 0.83 ᠲᠦᠮᠡᠨ ᠮᠥ︶ ᠲᠠᠷᠢᠬᠤ ᠪᠠᠷ ᠲᠦᠯᠦᠪᠯᠡᠭᠡᠳ᠂ ︽ᠬᠦᠨᠡᠰᠦᠨ ᠤ ᠤᠭᠤᠲᠠ︾ ᠪᠠ ︽ᠨᠤᠭᠤᠭᠠᠨ ᠤ ᠰᠠᠭᠰᠤ︾ ᠶᠢᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ ᠠᠳᠬᠤᠬᠤ᠂ ᠭᠡᠰᠡᠭᠯᠡᠨ ᠳᠠᠭᠠᠭᠠᠴᠢᠯᠠᠭᠰᠠᠨ ᠤᠳᠤᠷᠢᠳᠤᠯᠭ᠎ᠠ ᠬᠠᠮᠲᠤ ᠪᠠᠷ ᠠᠳᠬᠤᠬᠤ ᠶᠢ ᠪᠡᠶᠡᠯᠡᠬᠦᠯᠵᠦ᠂ ᠡᠯ᠎ᠡ ᠲᠣᠰᠬᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠳᠤᠯᠠᠵᠤ ᠪᠠᠶᠢᠨ᠎ᠠ᠃    ᠬᠤᠶᠠᠷ ᠲᠤ᠂ ︽ᠤᠬᠠᠭᠤᠯᠭ᠎ᠠ︾ ᠪᠠᠷ ᠰᠠᠭᠤᠷᠢ ᠪᠣᠯᠭᠠᠵᠤ᠂ ᠲᠠᠷᠢᠶᠠᠴᠢᠳ ᠤᠨ ᠢᠲᠡᠭᠡᠯ ᠵᠤᠷᠢᠭ ᠢ ᠨᠡᠮᠡᠭᠳᠡᠬᠦᠯᠦᠭᠰᠡᠨ᠃ ᠯᠦᠸᠧ ᠲᠦᠸᠧ ᠱᠠᠨ ᠪᠠᠯᠭᠠᠰᠤ ᠨᠢ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ  ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ᠂ ᠲᠣᠰᠬᠤᠨ ᠳᠤ ᠰᠠᠭᠤᠭ᠎ᠠ ᠺᠠᠳ᠋ᠷ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠵᠡᠷᠭᠡ ᠶᠢ ᠵᠣᠬᠢᠶᠠᠨ ᠪᠠᠶᠢᠭᠤᠯᠵᠤ᠂ ︽ᠲᠥᠪᠯᠡᠷᠡᠭᠦᠯᠦᠨ ᠬᠢᠴᠢᠶᠡᠯ ᠤᠷᠤᠬᠤ + ᠡᠷᠦᠬᠡ ᠳᠤ ᠣᠷᠣᠵᠤ ᠲᠠᠶᠢᠯᠪᠤᠷᠢᠯᠠᠬᠤ︾ ᠠᠷᠭ᠎ᠠ ᠬᠡᠯᠪᠡᠷᠢ ᠪᠠᠷ ︽ᠲᠠᠷᠢᠶᠠᠯᠠᠩ ᠤᠨ ᠤᠰᠤᠨ ᠤ ᠰᠦᠢᠳᠬᠡᠯ ᠢ ᠤᠷᠢᠳᠴᠢᠯᠠᠨ ᠲᠤᠰᠢᠶᠠᠬᠤ ᠲᠤᠬᠠᠶ ᠠᠯᠪᠠᠨ ᠵᠠᠷᠯᠠᠯ︾ ︽ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠬᠤ ᠬᠡᠷᠡᠭᠵᠢᠭᠦᠯᠬᠦ ᠲᠦᠰᠦᠪ︾ ᠵᠡᠷᠭᠡ ᠲᠦᠷᠦ ᠶᠢᠨ ᠪᠤᠳᠤᠯᠭ᠎ᠠ ᠶᠢ ᠤᠬᠠᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠬᠢᠬᠦ᠂ ᠮᠠᠰᠢᠨ ᠬᠤᠳᠠᠯᠳᠤᠨ ᠠᠪᠬᠤ ᠵᠡᠷᠭᠡ  ᠦᠢᠯᠡᠳᠪᠦᠷᠢᠯᠡᠯ ᠤᠨ ᠮᠡᠷᠭᠡᠵᠢᠯ ᠢ ᠦᠪᠯᠡᠬᠦᠯᠬᠦ ᠶᠢᠨ ᠬᠠᠮᠳᠤ᠂  ︽ᠲᠤᠰᠬᠤᠨ ᠤ ᠷᠠᠳᠢᠣ᠋︾᠂ ︽ᠭᠤᠷᠪᠠᠨ ᠶᠠᠪᠤᠳᠠᠯ︾ ᠢ ᠢᠯᠡ ᠪᠣᠯᠭᠠᠬᠤ  ᠰᠠᠮᠪᠠᠷ᠎ᠠ᠂ ᠲᠣᠰᠬᠤᠨ ᠤ ᠠᠷᠠᠳ ᠤᠨ ᠸᠢᠴᠠᠲ ᠴᠤᠭᠯᠠᠷᠠᠯ ᠵᠡᠷᠭᠡ ᠶᠢ ᠠᠰᠢᠭᠯᠠᠨ᠂ ᠠᠮᠤ ᠪᠤᠳᠠᠭᠠᠨ ᠤ ᠠᠮᠤᠷ ᠲᠦᠪᠰᠢᠨ ᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠠᠷᠢᠶᠠᠴᠢᠳ ᠤᠨ ᠲᠠᠷᠢᠶᠠᠯᠠᠩ ᠦᠢᠯᠡᠳᠪᠦᠷᠢᠯᠡᠯ ᠢᠶᠠᠨ ᠬᠥᠭᠵᠢᠭᠦᠯᠬᠦ ᠢᠲᠡᠭᠡᠯ ᠵᠣᠷᠢᠭ ᠢ ᠨᠡᠮᠡᠭᠳᠡᠬᠦᠯᠪᠡ᠃    ᠭᠤᠷᠪᠠ ᠳᠤ᠂ ︽ᠪᠡᠯᠡᠳᠬᠡᠯ︾  ᠢ ᠲᠡᠷᠢᠭᠦᠨ ᠳᠤ ᠲᠠᠯᠪᠢᠵᠤ᠂  ᠬᠠᠪᠤᠷ ᠤᠨ ᠲᠠᠷᠢᠶᠠᠯᠠᠭ᠎ᠠ ᠳᠤ ᠪᠦᠬᠦ ᠬᠦᠴᠦᠨ  ᠢᠶᠠᠷ ᠦᠢᠯᠡᠴᠢᠯᠡᠭᠰᠡᠨ᠃  ᠯᠦᠸᠧ ᠲᠦᠸᠧ ᠱᠠᠨ ᠪᠠᠯᠭᠠᠰᠤ ᠨᠢ ᠲᠠᠷᠢᠮᠠᠯ ᠤᠨ ᠡᠷᠦᠬᠡ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂  ᠲᠠᠷᠢᠮᠠᠯ ᠤᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ  ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠬᠠᠩᠭᠠᠯᠭ᠎ᠠ ᠶᠢ ᠰᠠᠶᠢᠨ ᠬᠢᠬᠦ ᠶᠢᠨ ᠬᠠᠮᠲᠤ᠂ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠪᠠ ᠪᠣᠷᠣᠯᠠᠭᠤᠯᠭ᠎ᠠ ᠶᠢᠨ ᠴᠡᠭ ᠲᠤ ᠭᠦᠨᠵᠡᠭᠡᠶᠢᠷᠡᠨ ᠬᠢᠨᠠᠯᠳᠠ ᠪᠠᠶᠢᠴᠠᠭᠠᠯᠲᠠ ᠪᠠ ᠤᠬᠠᠭᠤᠯᠭ᠎ᠠ ᠬᠦᠮᠦᠵᠢᠯ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠢ ᠪᠠᠳᠤᠯᠠᠨ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠤᠨ ᠭᠡᠷᠡᠭᠰᠡᠯ ᠤᠨ ᠬᠡᠷᠡᠭᠴᠡᠭᠡ ᠶᠢ ᠬᠠᠩᠭᠠᠵᠠᠢ᠃ ᠢᠯᠠᠩᠭᠤᠶ᠎ᠠ ᠪᠦᠬᠦ ᠪᠠᠯᠭᠠᠰᠤᠨ ᠤ ᠦᠢᠯᠡᠳᠪᠦᠷᠢᠯᠡᠯ ᠤᠨ ᠭᠡᠷᠡᠭᠰᠡᠯ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠪᠣᠯᠤᠨ ᠡᠵᠡᠩᠨᠡᠯᠲᠡ ᠶᠢᠨ ᠭᠤᠣᠯ ᠴᠣᠭᠴᠠ ᠳᠤ ᠤᠶᠢᠯᠠᠭᠠᠨ ᠪᠠᠶᠢᠴᠠᠭᠠᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠤᠲᠠᠭᠤᠳᠠᠯ ᠢ ᠲᠤᠳᠤᠷᠬᠠᠢ ᠡᠵᠡᠮᠰᠢᠨ᠂ ᠲᠠᠷᠢᠮᠠᠯ ᠤᠨ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠤᠤ ᠪᠦᠷᠬᠦᠪᠴᠢ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢ ᠴᠠᠭ ᠲᠤᠬᠠᠢ ᠳᠤᠨᠢ ᠲᠤᠬᠢᠷᠠᠭᠤᠯᠤᠨ ᠨᠥᠬᠦᠪᠥᠷᠢᠯᠡᠵᠦ᠂ ᠬᠠᠪᠤᠷ ᠤᠨ ᠲᠠᠷᠢᠶᠠᠯᠠᠭ᠎ᠠ ᠳᠤ ᠭᠡᠷᠡᠭᠰᠡᠬᠦ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠭᠦᠢᠴᠡᠳ ᠪᠠᠳᠤᠯᠠᠪᠠ᠃ ᠪᠥᠬᠦ ᠪᠠᠯᠭᠠᠰᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠴᠢᠨᠠᠭᠰᠢᠳᠠ ᠳᠡᠭᠡᠭᠰᠢᠯᠡᠵᠦ᠂ ᠲᠠᠷᠢᠶᠠᠯᠠᠩ ᠤᠨ ᠤᠷᠤᠨ ᠲᠣᠭᠤᠷᠢᠭ ᠲᠤ ᠯᠧᠢ ᠸᠧ᠂ ᠳ᠋ᠦᠩ ᠹᠠᠩ ᠬᠤᠩ ᠵᠡᠷᠭᠡ ᠲᠣᠮᠣ ᠬᠡᠯᠪᠡᠷᠢ ᠶᠢᠨ ᠲᠷᠠᠺᠲ᠋ᠣᠷ ᠵᠢᠴᠢ ᠢᠵᠢ ᠪᠥᠷᠢᠳᠦᠭᠰᠡᠨ ᠮᠠᠰᠢᠨ ᠲᠥᠬᠦᠭᠡᠷᠦᠮᠵᠢ ᠲᠠᠢ ᠪᠤᠯᠤᠭᠠᠳ᠂ ᠬᠡᠰᠡᠭ  ᠬᠤᠷᠰᠢᠶᠠᠵᠢᠯ ᠨᠢ ᠪᠠᠰᠠ ᠪᠣᠷᠳᠣᠭᠤᠷ ᠣᠷᠣᠭᠤᠯᠬᠤ ᠮᠠᠰᠢᠨ᠂  ᠡᠮ ᠰᠠᠴᠤᠬᠤ ᠵᠢᠯᠣᠭᠤᠴᠢ ᠦᠭᠡᠢ ᠨᠢᠰᠬᠡᠯ ᠵᠡᠷᠭᠡ ᠲᠡᠷᠢᠭᠦᠨ ᠤ ᠮᠠᠰᠢᠨ ᠲᠥᠬᠦᠭᠡᠷᠦᠮᠵᠢ ᠶᠢ ᠭᠡᠷᠡᠭᠯᠡᠵᠦ ᠪᠠᠶᠢᠨ᠎ᠠ᠃    ᠲᠦᠷᠪᠡ ᠳᠤ᠂ ︽ᠮᠡᠷᠭᠡᠵᠢᠯ︾ ᠢᠶᠠᠷ ᠲᠦᠰᠢᠭ ᠪᠣᠯᠭᠠᠵᠤ᠂ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠭᠰᠠᠨ᠃ ᠯᠦᠸᠧ ᠲᠦᠸᠧ ᠱᠠᠨ ᠪᠠᠯᠭᠠᠰᠤ ᠨᠢ  ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂  ᠲᠠᠷᠢᠶᠠᠴᠢᠨ ᠡᠷᠦᠬᠡ ᠪᠠ ᠲᠠᠷᠢᠶᠠᠨ ᠭᠠᠵᠠᠷ ᠲᠤ ᠭᠦᠨᠵᠡᠭᠡᠶᠢᠷᠡᠨ ︽ᠰᠤᠳᠠᠯ ᠪᠠᠷᠢᠵᠤ ᠣᠨᠣᠰᠢᠯᠠᠬᠤ︾ ᠠᠷᠭ᠎ᠠ ᠪᠠᠷ ᠲᠠᠷᠢᠮᠠᠯ ᠤᠨ ᠲᠦᠷᠦᠯ ᠵᠦᠢᠯ  ᠂ ᠲᠠᠷᠢᠬᠤ ᠠᠷᠭ᠎ᠠ ᠮᠡᠷᠭᠡᠵᠢᠯ ᠪᠣᠯᠤᠨ ᠰᠢᠨ᠎ᠡ ᠪᠣᠷᠲᠣᠭᠤᠷ᠂ ᠰᠢᠨ᠎ᠡ ᠡᠮ᠂ ᠰᠢᠨ᠎ᠡ ᠮᠠᠰᠢᠨ ᠲᠦᠬᠦᠭᠡᠷᠦᠮᠵᠢ ᠵᠡᠷᠭᠡ ᠶᠢᠨ ᠲᠣᠭᠤᠷᠢᠨ ᠳᠤ ᠣᠯᠠᠨ ᠶᠠᠩᠵᠤ ᠶᠢᠨ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ   ᠲᠠᠷᠢᠶᠠᠯᠠᠭ᠎ᠠ ᠶᠢᠨ ᠪᠦᠬᠦ ᠶᠠᠪᠤᠴᠠ ᠳᠤ ᠮᠥᠷᠳᠡᠨ ᠵᠢᠯᠣᠭᠤᠳᠬᠤ ᠦᠢᠯᠡᠴᠢᠯᠡᠭᠡ ᠬᠢᠵᠦ ᠪᠤᠢ᠃ ᠡᠬᠦᠨ ᠤ ᠬᠠᠮᠳᠤ᠂ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠪᠣᠯᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠦᠨ᠂ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠲᠠᠷᠢᠶᠠᠴᠢᠳ ᠢ ᠵᠢᠯᠤᠭᠤᠳᠤᠨ ᠬᠥᠷᠥᠰᠥ ᠰᠢᠷᠣᠶ ᠪᠣᠷᠲᠣᠭᠤᠷ ᠤᠰᠤᠨ ᠤ ᠬᠠᠮᠢᠶᠠᠷᠤᠯᠲᠠ᠂ ᠡᠪᠡᠳᠴᠢᠨ ᠬᠡᠮ ᠬᠤᠷᠣᠬᠠᠶ ᠰᠢᠪᠠᠵᠢ ᠶᠢ ᠰᠡᠷᠭᠡᠶᠢᠯᠡᠨ ᠵᠠᠰᠠᠬᠤ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠨ ᠬᠢᠯᠬᠡᠵᠦ᠂  ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠨ᠂ ᠲᠠᠷᠢᠶᠠᠴᠢᠳ ᠤᠨ ᠦᠢᠯᠡᠳᠪᠦᠷᠢᠯᠡᠯ ᠤᠨ ᠴᠢᠳᠠᠪᠤᠷᠢ ᠶᠢ ᠦᠨᠡᠨᠬᠦ ᠴᠢᠩᠭᠠᠷᠠᠭᠤᠯᠵᠤ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号