ᠦᠨᠡᠨᠴᠢ ᠢᠲᠡᠭᠡᠮᠵᠢ ᠶᠢᠨ ᠪᠠᠶᠢᠭᠤᠯᠤᠯᠲᠠ — ᠬᠤᠩ ᠴᠢ ᠪᠠᠯᠭᠠᠰᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/12
  ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠥᠬᠦ ᠲᠠᠯ᠎ᠠ ᠪᠠᠷ ᠪᠠᠳᠠᠷᠠᠭᠤᠯᠵᠤ᠂ ᠠᠷᠠᠳ ᠢᠷᠭᠡᠳ ᠤᠨ ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷ ᠢ ᠴᠢᠩᠭᠠᠷᠠᠭᠤᠯᠤᠨ᠂ ᠦᠨᠡᠨᠴᠢ ᠢᠲᠡᠭᠡᠮᠵᠢᠲᠡᠶ ᠪᠠᠶᠢᠬᠤ ᠨᠡᠶᠢᠭᠡᠮ ᠤᠨ ᠬᠡᠪ ᠰᠤᠷᠲᠠᠯ ᠢ ᠲᠡᠯᠬᠡᠷᠡᠬᠦᠯᠬᠦ ᠶᠢᠨ ᠲᠥᠯᠥᠭᠡ᠂ ᠣᠶᠢᠷ᠎ᠠ ᠳᠤ ᠬᠤᠩ ᠴᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ︽ᠦᠨᠡᠨᠴᠢ  ᠢᠳᠡᠭᠡᠮᠵᠢ ᠶᠢ ᠮᠡᠳᠡᠬᠦ᠂ ᠦᠨᠡᠨᠴᠢ  ᠢᠳᠡᠭᠡᠮᠵᠢ ᠶᠢ ᠰᠠᠬᠢᠬᠤ᠂ ᠦᠨᠡᠨᠴᠢ ᠢᠲᠡᠭᠡᠮᠵᠢ ᠶᠢ ᠦᠢᠯᠡᠳᠦᠯᠭᠡᠵᠢᠭᠦᠯᠬᠦ︾ ᠵᠢᠴᠢ ᠪᠣᠯᠪᠠᠰᠤᠨ ᠤᠷᠤᠭ ᠬᠤᠷᠢᠮ ᠤᠨ ᠵᠠᠩ ᠳᠠᠳᠬᠠᠯ ᠢ ᠰᠠᠨᠠᠭᠠᠴᠢᠯᠠᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ ᠠᠵᠢᠯᠲᠠᠳ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠨᠠᠭᠠᠴᠢᠯᠠᠭ᠎ᠠ ᠶᠢᠨ ᠪᠢᠴᠢᠭ ᠢ ᠤᠯᠠᠨ ᠲᠦᠮᠡᠨ ᠳᠤ ᠲᠠᠷᠬᠠᠭᠠᠭᠰᠠᠨ ᠪᠥᠭᠡᠳ ᠦᠨᠡᠨᠴᠢ ᠢᠳᠡᠭᠡᠮᠵᠢ ᠶᠢᠨ ᠤᠬᠠᠭᠳᠠᠬᠤᠨ᠂ ᠢᠲᠡᠭᠡᠯ ᠠᠯᠳᠠᠬᠤ ᠶᠢᠨ ᠬᠦᠨᠳᠦ ᠨᠣᠴᠢᠲᠠᠢ ᠴᠢᠨᠠᠷ᠂ ᠬᠤᠣᠷ ᠬᠥᠨᠥᠭᠡᠯᠳᠦ ᠴᠢᠨᠠᠷ ᠢ ᠲᠠᠶᠢᠯᠪᠤᠷᠢᠯᠠᠵᠤ᠂ ᠤᠯᠠᠨ ᠲᠦᠮᠡᠨ ᠢ ᠠᠮᠢᠳᠤᠷᠠᠯ ᠤᠨ ᠳᠤᠮᠳᠠ ᠪᠠᠨ ᠦᠨᠡᠨᠴᠢ ᠢᠲᠡᠭᠡᠮᠵᠢ ᠲᠠᠢ ᠪᠠᠶᠢᠬᠤ ᠶᠢ ᠢᠳᠡᠪᠬᠢᠲᠡᠢ ᠦᠢᠯᠡᠳᠦᠯᠭᠡᠵᠢᠭᠦᠯᠵᠦ᠂  ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠲᠦᠷᠢᠮ ᠢ ᠣᠶᠢᠯᠠᠭᠠᠵᠤ᠂ ᠦᠨᠡᠨᠴᠢ ᠢᠲᠡᠭᠡᠮᠵᠢ ᠲᠠᠢ ᠪᠦᠭᠡᠳ ᠬᠠᠤᠯᠢ ᠶᠢ ᠰᠠᠬᠢᠭᠰᠠᠨ ᠠᠷᠠᠳ ᠢᠷᠭᠡᠨ ᠪᠣᠯᠬᠤ ᠶᠢ ᠤᠷᠢᠶᠠᠯᠠᠪᠠ᠃  ᠠᠵᠢᠯᠯᠠᠭᠠᠨ ᠤ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ ᠪᠠᠰᠠ ᠪᠣᠯᠪᠠᠰᠤᠨ ᠰᠠᠶᠢᠬᠠᠨ ᠦᠭᠡᠳᠡᠷᠡᠭ ᠲᠠᠪᠰᠢᠩᠭᠤᠢ ᠬᠡᠷ ᠪᠦᠯᠢ ᠶᠢᠨ ᠰᠣᠶᠣᠯ ᠢ ᠶᠡᠭᠡ ᠪᠠᠷ ᠤᠬᠠᠭᠤᠯᠵᠤ᠂ ᠣᠯᠠᠨ ᠲᠦᠮᠡᠨ ᠢ ︽ᠥᠨᠳᠥᠷ ᠦᠨ᠎ᠡ︾ ᠲᠠᠢ ᠤᠷᠤᠭ ᠪᠡᠯᠡᠭ ᠢ ᠡᠰᠡᠷᠬᠦᠴᠡᠨ᠂  ᠭᠡᠪᠰᠢᠮᠡᠯ ᠪᠤᠯᠬᠢ ᠦᠵᠡᠯᠲᠡ ᠲᠠᠨᠢᠯᠳᠠ ᠪᠠᠨ ᠬᠤᠪᠢᠷᠠᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠤᠯᠭᠠᠳᠤᠭᠠᠢ ᠬᠡᠵᠦ ᠤᠷᠢᠶᠠᠯᠠᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠤᠯᠠᠮ ᠳᠡᠭᠡᠭᠰᠢᠯᠡᠭᠦᠯᠵᠦ᠂ ︽ᠦᠨᠡᠨᠴᠢ ᠢᠲᠡᠭᠡᠮᠵᠢᠲᠡᠶ ᠦᠭᠡ ᠬᠡᠯᠡᠬᠦ᠂ ᠦᠨᠡᠨᠴᠢ ᠢᠲᠡᠭᠡᠮᠵᠢᠲᠡᠶ ᠠᠵᠢᠯ ᠬᠢᠬᠦ᠂ ᠦᠨᠡᠨᠴᠢ ᠢᠲᠡᠭᠡᠮᠵᠢᠲᠡᠶ ᠬᠥᠮᠦᠨ ᠪᠣᠯᠬᠤ︾ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠪᠠᠷ ᠬᠤᠩ ᠴᠢ  ᠪᠠᠯᠭᠠᠰᠤᠨ ᠤ ᠬᠢᠨ ᠰᠠᠯᠠᠭ᠎ᠠ ᠮᠥᠴᠢᠷ ᠤᠨ ᠬᠠᠮᠳᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠬᠡᠯᠪᠡᠷᠢ ᠮᠠᠶ᠋ᠢᠭ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ  ᠦᠷᠨᠢᠬᠦᠯᠦᠨ᠂ ᠤᠯᠠᠨ ᠲᠦᠮᠡᠨ ᠢ ᠵᠢᠯᠣᠭᠤᠳᠴᠤ ᠪᠠᠶᠢᠭᠠᠳ ᠦᠨᠡᠨᠴᠢ  ᠢᠳᠡᠭᠡᠮᠵᠢ ᠶᠢᠨ ᠤᠬᠠᠮᠰᠠᠷ ᠢ ᠲᠡᠭᠡᠭᠰᠢᠯᠡᠬᠦᠯᠵᠦ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠲᠡᠯᠬᠡᠷᠡᠬᠦᠯᠬᠦ ᠪᠠᠷ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号