ᠦᠨᠡᠨᠴᠢ ᠢᠲᠡᠭᠡᠮᠵᠢ ᠶᠢᠨ ᠪᠠᠶᠢᠭᠤᠯᠤᠯᠲᠠ — — ᠴᠢᠶᠠᠨ ᠶᠢᠨ ᠭᠸᠦ ᠪᠠᠯᠭᠠᠰᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/4/12
  ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂  ᠬᠤᠳᠠᠯᠳᠤᠭᠠᠨ ᠤ ᠣᠷᠴᠢᠨ ᠨᠥᠬᠦᠴᠡᠯ ᠪᠣᠯᠣᠨ ᠢᠲᠡᠭᠡᠮᠵᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂  ᠴᠢᠶᠠᠨ ᠶᠢᠨ ᠭᠸᠤ ᠪᠠᠯᠭᠠᠰᠤ ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠢ ᠬᠢᠵᠦ᠂  ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ ᠪᠠ ᠪᠦᠬᠦ ᠺᠠᠳ᠋ᠷ ᠠᠵᠢᠯᠳᠠᠨ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ ᠰᠦᠨ ᠷᠦᠢ ᠠᠴᠠ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ  ᠰᠠᠶᠢᠨ ᠰᠠᠶᠢᠬᠠᠨ ᠠᠷᠠᠯᠵᠢᠶ᠎ᠠ ᠬᠤᠳᠠᠯᠳᠤᠭᠠᠨ ᠤ ᠣᠷᠴᠢᠨ ᠨᠦᠬᠦᠴᠡᠯ ᠢ ᠪᠣᠶ ᠪᠣᠯᠭᠠᠬᠤ︾ ᠪᠠᠷ ᠭᠤᠤᠯ ᠰᠡᠳᠦᠪ ᠪᠤᠯᠭᠠᠨ᠂ ᠦᠨᠡᠨᠴᠢ ᠢᠲᠡᠭᠡᠮᠵᠢ ᠶᠢᠨ ᠠᠭᠤᠯᠤᠭᠳᠠᠬᠤᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ  ᠪᠦᠷᠢᠯᠳᠦᠯ᠂ ᠴᠢᠨᠠᠷ ᠰᠠᠶᠢᠲᠠᠶ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠶ ᠲᠠᠶᠢᠯᠤᠮᠵᠢ ᠬᠢᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠤᠬᠠᠭᠤᠯᠤᠨ᠂   ᠺᠠᠳ᠋ᠷ ᠠᠵᠢᠯᠳᠠᠨ ᠤᠯᠠᠨ ᠲᠦᠮᠡᠨ ᠢ ᠠᠵᠢᠯ ᠠᠮᠢᠳᠤᠷᠠᠯ ᠤᠨ ᠳᠤᠮᠳᠠ ᠪᠠᠨ ᠦᠨᠡᠨᠴᠢ ᠢᠲᠡᠭᠡᠮᠵᠢᠲᠡᠢ ᠪᠠᠶᠢᠵᠤ᠂ ᠥᠭᠡᠳᠡᠯᠡᠨ ᠲᠠᠪᠰᠢᠬᠤ᠂ ᠪᠦᠯᠬᠦᠮᠳᠡᠨ ᠬᠠᠪᠰᠤᠷᠤᠯᠴᠠᠬᠤ᠂ ᠦᠨᠡᠨᠴᠢ ᠢᠲᠡᠭᠡᠮᠵᠢᠲᠡᠢ ᠪᠠᠶᠢᠬᠤ ᠪᠠᠷ ᠦᠨᠳᠦᠰᠦ ᠪᠤᠯᠭᠠᠭᠰᠠᠨ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠨ᠂  ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢ ᠪᠥᠬᠦ ᠲᠠᠯ᠎ᠠ ᠪᠠᠷ ᠲᠡᠭᠡᠭᠰᠢᠯᠡᠬᠦᠯᠬᠦ ᠶᠢ ᠤᠷᠢᠶᠠᠯᠠᠪᠠ᠃ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠣᠯᠠᠨ ᠳᠤ ᠦᠨᠡᠨᠴᠢ ᠢᠲᠡᠭᠡᠮᠵᠢ ᠶᠢᠨ ᠠᠭᠤᠯᠤᠭᠳᠠᠬᠤᠨ ᠢ ᠤᠯᠠᠮ ᠰᠠᠶᠢᠨ ᠣᠶᠢᠯᠠᠭᠠᠭᠤᠯᠵᠤ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ  ᠢ ᠲᠡᠭᠡᠭᠰᠢᠯᠡᠬᠦᠯᠦᠨ᠂ ᠨᠡᠶᠢᠭᠡᠮ ᠤᠨ ᠶᠣᠰᠣ ᠮᠣᠷᠠᠯ ᠤᠨ ᠪᠠᠶᠢᠭᠤᠯᠤᠯᠲᠠ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠳᠤ ᠢᠳᠡᠪᠬᠢᠲᠡᠶ ᠠᠬᠢᠭᠤᠯᠭ᠎ᠠ ᠶᠢᠨ ᠦᠢᠯᠡᠳᠦᠯ ᠭᠠᠷᠭᠠᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号