ᠦᠨᠡᠨᠴᠢ ᠢᠲᠡᠭᠡᠮᠵᠢ ᠶᠢᠨ ᠪᠠᠶᠢᠭᠤᠯᠤᠯᠲᠠ — ᠬᠦᠨᠪᠤᠯᠠᠭ ᠰᠤᠮᠤᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠳᠠ ᠶᠢᠨ ᠲᠤᠰᠬᠠᠶ ᠰᠡᠳᠦᠪᠲᠦ ᠤᠬᠠᠭᠤᠯᠭ᠎ᠠ ᠲᠠᠶᠢᠯᠤᠮᠵᠢ ᠬᠢᠯ᠎ᠡ
ᠨᠡᠶᠢᠲᠡᠯᠡᠭᠰᠡᠨ ᠴᠠᠭ᠄
2024/4/12
  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠤᠨ᠂ ᠦᠨᠡᠨᠴᠢ ᠢᠲᠡᠭᠡᠮᠵᠢ ᠶᠢᠨ ᠠᠵᠢᠯᠯᠠᠭ᠎ᠠ ᠶᠢ ᠤᠷᠢᠶᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ  ᠂ ᠦᠨᠡᠨᠴᠢ ᠢᠲᠡᠭᠡᠮᠵᠢᠲᠡᠶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ ᠭᠦᠨᠪᠤᠯᠠᠭ ᠰᠤᠮᠤᠨ ᠤ ᠬᠠᠶᠢᠷᠳᠤ ᠭᠠᠴᠠᠭ᠎ᠠ ᠨᠢ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ ᠵᠠᠩ ᠱᠤᠸᠠᠢ ᠶᠢ ᠤᠷᠢᠵᠤ ᠲᠤᠰᠬᠠᠶ ᠰᠡᠳᠦᠪᠲᠦ ᠤᠬᠠᠭᠤᠯᠭ᠎ᠠ ᠲᠠᠶᠢᠯᠤᠮᠵᠢ ᠬᠢᠯᠭᠡᠵᠡᠢ᠃  ᠵᠠᠩ ᠱᠤᠸᠠᠢ ᠠᠴᠠ ︽ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ︾ ᠭᠤᠣᠯ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯ ᠠᠭᠤᠯᠭ᠎ᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠵᠦ᠂  ᠣᠶᠢᠯᠠᠭᠠᠮᠵᠢᠲᠠᠶ ᠦᠬᠡ ᠦᠬᠦᠯᠡᠪᠦᠷᠢ ᠪᠠᠷ ᠳᠡᠷᠭᠡᠳᠡᠬᠢ ᠦᠨᠡᠨ ᠪᠣᠳᠠᠲᠠᠶ ᠥᠯᠢᠭᠡᠷ ᠵᠢᠱᠢᠶ᠎ᠡ ᠶᠢ ᠶᠠᠷᠢᠵᠤ᠂ ᠮᠠᠯᠴᠢᠳ ᠲᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠲᠠᠨᠢᠭᠤᠯᠤᠭᠰᠠᠨ ᠪᠠᠶᠢᠨ᠎ᠠ᠃  ᠲᠠᠶᠢᠯᠤᠮᠵᠢ ᠰᠤᠨᠤᠰᠤᠭᠰᠠᠨ ᠮᠠᠯᠴᠢᠳ ᠢᠯᠡᠷᠭᠡᠶᠢᠯᠡᠬᠦ ᠳᠡᠭᠡᠨ᠂ ᠡᠨᠡ ᠤᠳᠠᠭ᠎ᠠ ᠶᠢᠨ ᠤᠬᠠᠭᠤᠯᠭ᠎ᠠ ᠲᠠᠶᠢᠯᠤᠮᠵᠢ ᠪᠠᠷ ᠠᠵᠠ ᠲᠣᠬᠢᠶᠠᠯ ᠪᠤᠯᠭᠠᠨ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠠᠮᠢᠳᠤᠷᠠᠯ ᠤᠨ ᠳᠤᠮᠳᠠ  ᠪᠠᠨ ᠦᠨᠡᠨᠴᠢ ᠢᠲᠡᠭᠡᠮᠵᠢᠲᠡᠢ ᠪᠠᠶᠢᠬᠤ   ᠶᠢ ᠡᠷᠬᠢᠮᠯᠡᠨ᠂ ᠪᠣᠯᠪᠠᠰᠤᠨ ᠰᠤᠮᠤ ᠭᠠᠴᠠᠭᠠᠨ ᠤ ᠪᠠᠶᠢᠭᠤᠯᠤᠯᠳᠠ ᠳᠤ ᠬᠦᠴᠦᠨ ᠴᠢᠳᠠᠯ ᠢᠶᠠᠨ ᠡᠷᠭᠦᠨ᠎ᠡ ᠬᠡᠵᠡᠬᠡᠪᠡ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号