ᠦᠨᠡᠨᠴᠢ ᠢᠲᠡᠭᠡᠮᠵᠢ ᠶᠢᠨ ᠪᠠᠶᠢᠭᠤᠯᠤᠯᠲᠠ — ᠲᠠᠶᠢᠹᠤᠰᠧ ᠬᠤᠰᠢᠭᠤᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/4/12
  ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠱᠯᠠᠭᠤᠯᠤᠨ᠂ ᠲᠠᠶᠢᠹᠤᠰᠧ ᠬᠤᠰᠢᠭᠤᠨ ᠤ ᠠᠷᠠᠯᠵᠢᠶᠠᠨ ᠤ ᠣᠷᠴᠢᠨ ᠨᠥᠬᠦᠴᠡᠯ ᠪᠠ ᠢᠲᠡᠭᠡᠮᠵᠢ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ ᠲᠠᠶᠢᠹᠤᠰᠧ ᠬᠤᠰᠢᠭᠤᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃ ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ ᠲᠠᠩ ᠵᠧ ᠯᠢᠩ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ ᠬᠠᠤᠯᠢ ᠶᠢᠨ ᠢᠲᠡᠭᠡᠮᠵᠢ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠲᠠᠯ᠎ᠠ  ᠠᠴᠠ ᠨᠠᠷᠢᠨ ᠲᠠᠶᠢᠯᠤᠮᠵᠢ ᠬᠢᠵᠦ᠂ ᠥᠷᠭᠡᠨ ᠣᠯᠠᠨ ᠺᠠᠳ᠋ᠷ ᠠᠵᠢᠯᠲᠠᠨ ᠪᠠ ᠠᠷᠠᠳ ᠣᠯᠠᠨ ᠢ ᠠᠵᠢᠯ ᠠᠮᠢᠳᠤᠷᠠᠯ ᠤᠨ ᠳᠤᠮᠳᠠ ᠪᠠᠨ ᠢᠲᠡᠭᠡᠮᠵᠢ ᠶᠢ ᠡᠷᠬᠢᠮᠯᠡᠨ ᠢᠲᠡᠭᠡᠮᠵᠢ ᠶᠢ ᠰᠠᠬᠢᠵᠤ᠂ ᠦᠨᠡᠨᠴᠢ ᠢᠲᠡᠭᠡᠮᠵᠢ ᠪᠠᠷ ᠦᠨᠳᠦᠰᠦ ᠪᠤᠯᠭᠠᠭᠰᠠᠨ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠤᠯᠭᠠᠬᠤ ᠭᠡᠷᠭᠳᠡᠢ ᠬᠡᠵᠦ ᠤᠷᠢᠶᠠᠯᠠᠪᠠ᠃ ᠲᠠᠶᠢᠹᠤᠰᠧ ᠬᠤᠰᠢᠭᠤᠨ ᠤ ᠬᠢᠨ ᠡᠶᠢᠨ ᠬᠦ᠋ ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ᠂ ︽ᠠᠷᠠᠳ ᠢᠷᠭᠡᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ︾᠂ ︽ᠤᠯᠠᠭᠠᠨ ᠪᠢᠴᠢᠭ ᠤᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠵᠡᠷᠭᠡ ᠳᠤ ᠨᠠᠶᠢᠳᠠᠵᠤ ︽ᠲᠦᠪᠯᠡᠷᠡᠩᠬᠦᠢ ᠬᠡᠯᠪᠡᠷᠢ︾ ᠪᠠ ︽ᠵᠠᠬᠢᠶᠠᠯᠠᠭ᠎ᠠ ᠶᠢᠨ ᠬᠡᠯᠪᠡᠷᠢ︾ ᠶᠢ ᠤᠶᠠᠯᠳᠤᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠶᠢ ᠢᠳᠡᠪᠬᠢᠳᠡᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ ᠬᠠᠤᠯᠢ ᠶᠢᠨ ᠢᠲᠡᠭᠡᠮᠵᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠬᠦᠷᠬᠦ︾ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号