ᠦᠨᠡᠨᠴᠢ ᠢᠲᠡᠭᠡᠮᠵᠢ ᠶᠢᠨ ᠪᠠᠶᠢᠭᠤᠯᠤᠯᠲᠠ — ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠩ ᠴᠢ ᠪᠠᠯᠭᠠᠰᠤᠨ ᠳᠤ ᠬᠦᠨᠵᠡᠬᠡᠶᠢᠷᠡᠵᠦ ᠦᠨᠡᠨᠴᠢ ᠢᠳᠡᠬᠡᠮᠵᠢ ᠶᠢᠨ ᠪᠠᠶᠢᠭᠤᠯᠤᠯᠳᠠ ᠶᠢᠨ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/4/12
  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ  ᠪᠦᠬᠦ ᠲᠠᠯ᠎ᠠ ᠪᠠᠷ ᠲᠤᠤᠱᠯᠠᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠬᠡᠵᠢᠬᠦᠯᠦᠨ᠂ ︽ᠬᠥᠮᠥᠨ ᠪᠦᠬᠦᠨ ᠦᠨᠡᠨᠴᠢ ᠢᠲᠡᠭᠡᠮᠵᠢᠲᠡᠢ ᠬᠥᠮᠥᠨ ᠪᠣᠯᠬᠤ︾ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ  ᠬᠢᠨ ᠬᠤᠩ ᠴᠢ ᠪᠠᠯᠭᠠᠰᠤᠨ ᠳᠤ ᠬᠦᠨᠵᠡᠬᠡᠶᠢᠷᠡᠵᠦ ᠦᠨᠡᠨᠴᠢ ᠢᠳᠡᠭᠡᠮᠵᠢ ᠶᠢᠨ ᠪᠠᠶᠢᠭᠤᠯᠤᠯᠳᠠ ᠶᠢᠨ ᠲᠤᠰᠬᠠᠢ ᠰᠡᠳᠦᠪᠳᠦ ᠤᠬᠠᠭᠤᠯᠭ᠎ᠠ ᠲᠠᠶᠢᠯᠤᠮᠵᠢ ᠬᠢᠵᠡᠢ᠃  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠ ᠪᠦᠬᠦ ᠺᠠᠳ᠋ᠷ ᠠᠵᠢᠯᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠨᠠᠷ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃  ᠬᠤᠷᠠᠯ ᠳᠡᠭᠡᠷ᠎ᠡ᠂   ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠲᠠᠩ ᠵᠧ ᠯᠢᠩ ᠠᠴᠠ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠡᠬᠦᠳᠦᠶ᠎ᠡ︾ ᠭᠡᠬᠦ ᠰᠡᠳᠦᠪ ᠢᠶᠠᠷ ᠤᠬᠠᠭᠤᠯᠭ᠎ᠠ ᠲᠠᠶᠢᠯᠤᠮᠵᠢ ᠬᠢᠵᠦ᠂  ᠬᠥᠮᠦᠰ ᠤᠨ ᠬᠤᠭᠤᠷᠣᠨᠳᠣᠬᠢ ᠬᠠᠷᠢᠯᠴᠠᠭ᠎ᠠ᠂ ᠨᠡᠶᠢᠭᠡᠮ ᠪᠠ ᠤᠯᠤᠰ ᠤᠨ ᠬᠥᠭᠵᠢᠯᠲᠡ ᠶᠢᠨ ᠳᠤᠮᠳᠠᠬᠢ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠤᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ︽ᠡᠨᠡ ᠤᠳᠠᠭᠠᠨ ᠤ ᠤᠬᠠᠭᠤᠯᠭ᠎ᠠ ᠲᠠᠶᠢᠯᠤᠮᠵᠢ ᠶᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂  ᠲᠠᠶᠢᠯᠪᠤᠷᠢ ᠨᠢ ᠠᠮᠢᠳᠤᠯᠢᠭ ᠪᠠᠶᠢᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠤᠯᠠᠮ ᠬᠦᠨ ᠤᠶᠢᠯᠠᠭᠠᠭᠤᠯᠤᠯ᠎ᠠ᠂  ᠬᠤᠶᠢᠰᠢᠳᠠ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠴᠠᠭ ᠢᠮᠠᠭᠲᠠ ᠪᠠᠲᠤ ᠴᠡᠭᠡᠵᠢᠯᠡᠨ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂  ᠠᠵᠢᠯ ᠠᠮᠢᠳᠤᠷᠠᠯ ᠤᠨ ᠲᠤᠮᠳᠠ ᠪᠠᠨ ᠦᠨᠡᠨᠴᠢ ᠢᠲᠡᠭᠡᠮᠵᠢᠲᠡᠶ ᠪᠠᠶᠢᠵᠤ᠂ ᠨᠡᠶᠢᠭᠡᠮ ᠤᠨ ᠡᠶ᠎ᠡ ᠵᠤᠬᠢᠴᠠᠩᠭᠤᠢ ᠲᠣᠭᠲᠠᠭᠤᠨ ᠢᠶᠠᠷ ᠬᠦᠭᠵᠢᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠬᠡᠵᠦ ᠢᠯᠡᠷᠭᠡᠶᠢᠯᠡᠵᠡᠭᠡᠪᠡ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号