︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ | ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ | ᠯᠥᠸᠧ ᠲᠦᠸᠧ ᠱᠠᠨ ᠪᠠᠯᠭᠠᠰᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠠ ᠲᠤᠤᠱᠯᠠᠭᠤᠯᠬᠤ ᠭᠤᠣᠯ ᠰᠡᠳᠦᠪᠲᠦ | ᠬᠥᠮᠦᠵᠢᠯ ᠢᠶᠠᠷ ᠶᠡᠷᠦᠩᠬᠡᠢ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠᠷ ᠲᠦᠰᠢᠭ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠵᠢᠯᠤᠭᠤᠳᠤᠨ ︽ | ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ | ᠤᠷᠤᠭᠰᠢᠯᠠᠬᠤ︾ ᠶᠢ ᠪᠡᠶᠡᠯᠡᠬᠦᠯᠵᠦ ᠪᠠᠶᠢᠨ᠎ᠠ᠃ | ᠪᠠᠯᠭᠠᠰᠤᠨ ᠤ ᠨᠠᠮ ᠤᠨ ᠬᠤᠷᠢᠶ᠎ᠠ ᠨᠢ ᠬᠡᠷᠡᠭᠵᠢᠭᠦᠯᠬᠦ ᠲᠦᠰᠦᠪ ᠢ ᠴᠠᠭ ᠲᠤᠬᠠᠢ ᠳᠤᠨᠢ ᠲᠤᠭᠳᠠᠭᠠᠵᠤ᠂ ᠬᠤᠷᠠᠯ | ᠬᠢᠵᠦ ᠪᠣᠳᠠᠲᠠᠢ ᠠᠵᠢᠯ ᠢ ᠪᠠᠶᠢᠷᠢᠯᠠᠭᠤᠯᠤᠨ᠂ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠠᠵᠢᠯ | ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠡᠷᠭᠡ ᠳᠤ ᠲᠦᠰᠢᠭᠯᠡᠵᠦ ᠤᠨᠤᠯ ᠤᠨ ᠰᠤᠷᠤᠯᠴᠠᠯᠭ᠎ᠠ ᠶᠢ ᠰᠠᠶᠢᠲᠤᠷ | ᠠᠳᠬᠤᠨ᠂ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ | ᠪᠠ ᠶᠣᠰᠣ ᠤᠴᠢᠷ ᠢ ᠭᠦᠨᠵᠡᠭᠡᠢ ᠤᠶᠢᠯᠠᠭᠠᠭᠤᠯᠵᠤ ᠡᠵᠡᠮᠰᠢᠬᠦᠯᠵᠡᠢ᠃ ᠤᠳᠤ ᠪᠣᠯᠲᠠᠯ᠎ᠠ ᠤᠨᠤᠯ ᠰᠤᠷᠤᠯᠴᠠᠬᠤ | ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ 5 ᠤᠳᠠᠭ᠎ᠠ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ | ᠬᠢᠴᠢᠶᠡᠯ︾ ᠤᠨ ᠰᠤᠷᠤᠯᠴᠠᠯᠭ᠎ᠠ ᠶᠢ 110 ᠤᠳᠠᠭ᠎ᠠ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ | 60 ᠭᠠᠷᠤᠢ ᠤᠳᠠᠭ᠎ᠠ ᠦᠷᠨᠢᠬᠦᠯᠪᠡ᠃ | ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ᠂ ᠰᠠᠶᠢᠨ ᠳᠤᠷ᠎ᠠ ᠶᠢᠨ | ᠦᠢᠯᠡᠴᠢᠯᠡᠭᠴᠢ ᠵᠡᠷᠭᠡ ᠬᠦᠮᠦᠰ ᠢᠶᠠᠷ ᠪᠦᠷᠢᠯᠳᠦᠭᠰᠡᠨ ᠤᠬᠠᠭᠤᠯᠤᠨ ᠲᠠᠶᠢᠯᠪᠤᠷᠢᠯᠠᠬᠤ ᠠᠩᠭᠢ 20 ᠶᠢ ᠪᠠᠶᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠵᠤ ᠲᠤᠤᠱᠯᠠᠭᠤᠯᠬᠤ ᠲᠠᠢ ᠨᠢᠭᠲᠠ ᠤᠶᠠᠯᠳᠤᠭᠤᠯᠤᠨ᠂ ︽ᠲᠦᠷᠪᠡ ᠶᠢ | ᠦᠨᠳᠦᠰᠦᠨ ᠱᠠᠲᠤᠨ ᠳᠤ ᠬᠦᠷᠭᠡᠬᠦ︾ ᠠᠷᠭ᠎ᠠ ᠲᠤᠷᠰᠢᠯᠭ᠎ᠠ ᠶᠢ ᠭᠡᠷᠡᠭᠯᠡᠵᠦ᠂ ᠳᠥᠭᠦᠮ ᠣᠶᠢᠯᠠᠭᠠᠮᠵᠢᠲᠠᠢ ᠦᠭᠡ | ᠶᠠᠷᠢᠶ᠎ᠠ ᠪᠠᠷ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ ᠲᠣᠳᠣᠷᠬᠠᠢ ᠶᠠᠷᠢᠵᠤ | ᠦᠭᠬᠦᠭᠰᠡᠨ ᠪᠠᠶᠢᠨ᠎ᠠ᠃ ᠤᠳᠤ ᠪᠣᠯᠲᠠᠯ᠎ᠠ ᠪᠦᠬᠦ ᠪᠠᠯᠭᠠᠰᠤ ᠪᠠᠷ ᠢᠶᠠᠨ ︽ᠨᠠᠮ ᠤᠨ ᠢᠶᠠᠨ ᠠᠴᠢ ᠳᠤ ᠲᠠᠯᠠᠷᠬᠠᠵᠤ᠂ | ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾ ᠭᠤᠣᠯ ᠰᠡᠳᠦᠪᠲᠦ ᠤᠬᠠᠭᠤᠯᠭ᠎ᠠ | ᠲᠠᠶᠢᠯᠤᠮᠵᠢ ᠶᠢ 20 ᠤᠳᠠᠭ᠎ᠠ ᠬᠢᠵᠦ᠂ ᠤᠬᠠᠭᠤᠯᠭ᠎ᠠ ᠲᠠᠶᠢᠯᠤᠮᠵᠢ ᠶᠢ ᠰᠤᠨᠤᠰᠤᠭᠰᠠᠳ 400 ᠭᠠᠷᠤᠢ ᠬᠥᠮᠥᠨ | ᠤᠳᠠᠭ᠎ᠠ ᠳᠤ ᠬᠦᠷᠴᠡᠢ᠃ ᠡᠬᠦᠨ ᠤ ᠬᠠᠮᠳᠤ 19 ᠲᠣᠰᠬᠤᠨ ᠳᠤ ᠤᠬᠠᠭᠤᠯᠭ᠎ᠠ ᠶᠢᠨ ᠤᠷᠢᠶ᠎ᠠ ᠡᠯᠭᠦᠵᠦ᠂ 40 | ᠭᠠᠷᠤᠢ ᠤᠬᠠᠭᠤᠯᠭ᠎ᠠ ᠶᠢᠨ ᠰᠠᠮᠪᠠᠷ᠎ᠠ ᠶᠢ ᠪᠤᠰᠬᠠᠭᠰᠠᠨ ᠪᠦᠭᠡᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠮᠡᠳᠡᠯᠭᠡ ᠶᠢᠨ ᠠᠰᠠᠭᠤᠯᠲᠠ ᠬᠠᠷᠢᠭᠤᠯᠲᠠ︾ ︽ᠨᠢᠬᠡᠨ ᠲᠡᠪᠳᠡᠷ | ᠬᠥᠭᠵᠢᠯᠲᠡ ᠶᠢᠨ ᠲᠠᠩᠰᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠢ ᠬᠤᠪᠢ ᠲᠠᠷᠬᠠᠭᠠᠵᠤ᠂ ︽ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ︾ ᠶᠢᠨ ᠢᠯᠡ ᠺᠠᠷᠲ ᠢ 3000 ᠭᠠᠷᠤᠢ ᠬᠤᠪᠢ | ᠲᠠᠷᠬᠠᠭᠠᠪᠠ᠃ ᠡᠯ᠎ᠡ ᠲᠤᠰᠬᠤᠨ ᠤ ᠬᠢᠨ ᠲᠣᠰ ᠲᠣᠰ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠴᠠᠭᠠᠨ ᠰᠠᠷ᠎ᠠ | ᠪᠠᠨ ᠤᠭᠲᠤᠬᠤ ᠤᠷᠠᠨ ᠰᠠᠶᠢᠬᠠᠨ ᠤ ᠦᠳᠡᠰᠢᠯᠡᠭᠡ ᠂ ︽ᠲᠡᠷᠭᠡᠳᠡ ᠡᠬᠦᠰᠦᠭᠰᠡᠨ ᠰᠢᠨ᠎ᠡ ᠬᠤᠪᠢᠷᠠᠯᠲᠠ︾ ᠶᠢᠨ | ᠲᠤᠬᠠᠢ ᠶᠠᠷᠢᠶ᠎ᠠ ᠢᠯᠡᠳᠭᠡᠯ᠂ ᠲᠡᠷᠢᠭᠦᠨ ᠤ ᠬᠢ ᠶᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠵᠡᠷᠭᠡ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠢ ᠡᠯ᠎ᠡ ᠲᠥᠷᠥᠯ ᠤᠨ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ | ᠵᠣᠬᠢᠶᠠᠨ ᠪᠠᠶᠢᠭᠤᠯᠵᠠᠭᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠨ᠂ ᠰᠤᠷᠤᠯᠴᠠᠯᠭ᠎ᠠ | ᠬᠦᠮᠦᠵᠢᠯ ᠭᠦᠨᠵᠡᠭᠡᠶᠢᠷᠡᠨ ᠪᠣᠳᠠᠲᠠᠶᠢᠵᠢᠵᠤ ᠰᠡᠳᠬᠢᠯ ᠳᠤ ᠬᠠᠳᠠᠩᠰᠢᠬᠤ ᠶᠢ ᠲᠠᠰᠤᠷᠠᠯᠳᠠ ᠦᠬᠡᠢ ᠠᠬᠢᠭᠤᠯᠤᠭᠰᠠᠨ | ᠪᠠᠶᠢᠨ᠎ᠠ᠃ | ᠲᠤᠰ ᠪᠠᠯᠭᠠᠰᠤ ᠨᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠬᠤᠶᠠᠷ ᠲᠥᠯᠥᠭᠡᠯᠡᠭᠴᠢ | ᠨᠢᠭᠡ ᠭᠡᠰᠢᠭᠦᠨ︾᠂ ᠨᠠᠮ ᠤᠨ ᠭᠡᠰᠢᠭᠦᠨ ᠭᠤᠣᠯᠳᠠᠯᠭᠠᠲᠤ ᠡᠷᠦᠭᠡ ᠵᠡᠷᠭᠡ ᠶᠢᠨ ᠤᠯᠠᠨ ᠲᠦᠮᠡᠨ ᠲᠠᠢ ᠤᠶᠢᠷ᠎ᠠ | ᠪᠠᠶᠢᠳᠠᠭ ᠳᠠᠪᠠᠭᠤᠯᠢᠭ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠠᠶᠢᠯ | ᠡᠷᠦᠭᠡ ᠳᠤ ᠬᠦᠨᠵᠡᠬᠡᠶᠢᠷᠡᠬᠦᠯᠦᠨ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ 600 ᠭᠠᠷᠤᠢ ᠵᠤᠷᠪᠤᠰ | ᠬᠤᠷᠢᠶᠠᠭᠰᠠᠨ ᠪᠦᠭᠡᠳ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠶᠢ 60 ᠭᠠᠷᠤᠢ | ᠤᠳᠠᠭ᠎ᠠ ᠥᠷᠨᠢᠭᠦᠯᠵᠦ᠂ 4000 ᠭᠠᠷᠤᠢ ᠬᠥᠮᠥᠨ ᠤᠳᠠᠭ᠎ᠠ ᠠᠵᠢᠯᠯᠠᠭ᠎ᠠ ᠳᠤ ᠤᠷᠤᠯᠴᠠᠵᠠᠢ᠃ ᠣᠯᠠᠨ ᠲᠠᠯ᠎ᠠ ᠶᠢᠨ | ᠬᠢᠨ ᠤ ᠣᠷᠣᠯᠴᠠᠭᠰᠠᠨ ᠵᠥᠷᠢᠴᠡᠯ ᠵᠢᠭᠤᠷᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ 19 | ᠲᠣᠰᠬᠤᠨ ᠳᠤ ᠪᠦᠷ ᠡᠶᠡᠳᠡᠭᠦᠯᠬᠦ ᠪᠦᠯᠬᠦᠮ ᠪᠠᠶᠢᠭᠤᠯᠤᠨ᠂ ᠪᠠᠯᠭᠠᠰᠤ ᠲᠤᠰᠬᠤᠨ ᠺᠠᠳ᠋ᠷ᠂ ᠨᠤᠲᠤᠭ ᠤᠨ | ᠴᠢᠳᠠᠪᠤᠷᠢᠲᠠᠨ᠂ ᠰᠠᠶᠢᠨ ᠳᠤᠷ᠎ᠠ ᠶᠢᠨ ᠦᠢᠯᠡᠴᠢᠯᠡᠭᠴᠢ ᠵᠡᠷᠭᠡ ᠶᠢ ᠵᠣᠬᠢᠶᠠᠨ ᠪᠠᠶᠢᠭᠤᠯᠵᠤ᠂ ᠠᠶᠢᠯ ᠡᠷᠦᠭᠡ ᠳᠤ | ᠪᠠᠶᠢᠩᠭᠤ ᠬᠦᠨᠵᠡᠬᠡᠶᠢᠷᠡᠨ ᠵᠥᠷᠢᠴᠡᠯ ᠵᠢᠭᠤᠷᠠᠭᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠨᠢᠬᠦᠯᠦᠭᠡᠳ᠂ ᠠᠶᠢᠯ | ᠰᠠᠭᠠᠬᠠᠯᠳᠠ᠂ ᠭᠡᠷ ᠪᠦᠯᠢ ᠶᠢᠨ ᠵᠦᠷᠢᠴᠡᠯ ᠪᠤᠶᠤ ᠠᠵᠤ ᠠᠬᠤᠢ ᠶᠢᠨ ᠵᠢᠭᠤᠷᠠᠭᠠᠨ ᠵᠡᠷᠭᠡ ᠠᠰᠠᠭᠤᠳᠠᠯ ᠢ | ᠭᠤᠣᠯᠳᠠᠯᠭ᠎ᠠ ᠲᠠᠢ ᠰᠠᠶᠢᠨ ᠰᠢᠢᠳᠪᠦᠷᠢᠯᠡᠭᠰᠡᠨ ᠪᠠᠶᠢᠨ᠎ᠠ᠃ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ︽ ᠬᠦᠯᠢᠶᠡᠨ | ᠠᠪᠤᠪᠠᠯ ᠵᠠᠪᠠᠯ ᠭᠦᠢᠴᠡᠳᠬᠡᠬᠦ︾ ︽ᠠᠷᠠᠳ ᠤᠨ ᠰᠠᠨᠠᠭ᠎ᠠ ᠶᠢ ᠡᠷᠭᠡᠪᠰᠢ ᠪᠡᠶᠡᠯᠡᠬᠦᠯᠬᠦ︾ ᠵᠡᠷᠭᠡ ᠲᠣᠭᠲᠠᠴᠠ ᠶᠢ | ᠰᠦᠪᠡᠭᠴᠢᠯᠡᠨ᠂ ︽ᠬᠦᠴᠢᠷ ᠠᠰᠠᠭᠤᠳᠠᠯ ᠢ ᠰᠢᠢᠳᠪᠦᠷᠢᠯᠡᠵᠦ ᠪᠣᠳᠠᠲᠠᠢ ᠠᠵᠢᠯ ᠬᠢᠬᠦ︾᠂ ︽ᠠᠵᠢᠯ ᠤᠨ | ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾ ᠵᠡᠷᠭᠡ ᠠᠵᠢᠯᠯᠠᠭ᠎ᠠ ᠶᠢ ᠬᠦᠨᠵᠡᠬᠡᠶᠢᠷᠡᠬᠦᠯᠵᠦ᠂ | ᠦᠢᠯᠡᠴᠢᠯᠡᠬᠦ ᠬᠦᠷᠢᠶ᠎ᠡ ᠴᠠᠷᠠᠭ᠎ᠠ ᠪᠠᠨ ᠲᠠᠰᠤᠷᠠᠯᠲᠠ ᠦᠭᠡᠢ ᠦᠷᠭᠡᠳᠭᠡᠨ᠂ ᠣᠯᠠᠨ ᠲᠦᠮᠡᠨ ᠤ ᠬᠦᠰᠡᠵᠦ | ᠮᠦᠷᠦᠭᠡᠳᠴᠦ ᠵᠣᠪᠠᠵᠤ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ ︽ ᠪᠢᠴᠢᠯ ᠬᠦᠰᠡᠯ | ᠢ ᠪᠡᠶᠡᠯᠡᠬᠦᠯᠬᠦ︾ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ︽ᠵᠠᠬᠢᠶᠠᠯᠠᠭ᠎ᠠ ᠶᠢᠨ ᠬᠠᠭᠤᠳᠠᠰᠤ︾ ᠢᠯᠡᠬᠡᠬᠦ᠂ | ᠺᠠᠳ᠋ᠷᠴᠤᠳ ︽ᠵᠠᠬᠢᠶᠠᠯᠠᠭ᠎ᠠ ᠶᠢᠨ ᠬᠠᠭᠤᠳᠠᠰᠤ︾ ᠶᠢ ᠲᠠᠮᠵᠢᠭᠤᠯᠬᠤ᠂ ᠨᠠᠮ ᠤᠨ ᠭᠡᠰᠢᠭᠦᠳ ︽ᠵᠠᠬᠢᠶᠠᠯᠠᠭ᠎ᠠ ᠶᠢᠨ | ᠬᠠᠭᠤᠳᠠᠰᠤ︾ ᠶᠢ ᠲᠤᠰᠬᠤ ᠬᠡᠯᠪᠡᠷᠢ ᠪᠠᠷ 80 ᠭᠠᠷᠤᠢ ᠬᠤᠪᠢ ︽ᠪᠢᠴᠢᠯ ᠬᠦᠰᠡᠯ︾ ᠢ ᠪᠡᠶᠡᠯᠡᠬᠦᠯᠦᠭᠰᠡᠨ ᠪᠦᠭᠡᠳ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 60 ᠤᠳᠠᠭ᠎ᠠ ᠦᠷᠨᠢᠬᠦᠯᠦᠭᠡᠳ᠂ ᠦᠨᠳᠦᠰᠦᠨ ᠱᠠᠲᠤᠨ ᠤ | ᠬᠦᠴᠢᠷ ᠠᠰᠠᠭᠤᠳᠠᠯ ᠢ 70 ᠬᠤᠪᠢ ᠰᠢᠢᠳᠪᠦᠷᠢᠯᠡᠵᠦ᠂ ᠤᠯᠠᠨ ᠲᠦᠮᠡᠨ ᠳᠤ ᠬᠠᠪᠰᠤᠷᠤᠨ 1000 ᠭᠠᠷᠤᠢ ᠬᠡᠷᠡᠭ | ᠶᠠᠪᠤᠳᠠᠯ ᠢ ᠰᠢᠢᠳᠪᠦᠷᠢᠯᠡᠵᠦ ᠥᠭᠴᠡᠢ᠃ |