ᠶᠦᠩ ᠹᠧᠩ ᠪᠠᠯᠭᠠᠰᠤ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
  ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠠ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠡᠭᠦᠷᠭᠡ ᠶᠢ ᠪᠠᠶᠢᠷᠢᠯᠠᠭᠤᠯᠤᠨ᠂ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ 4 ᠰᠠᠷ᠎ᠠ ᠶᠢᠨ 11 ᠤ ᠡᠳᠦᠷ ᠶᠦᠩ ᠹᠧᠩ ᠪᠠᠯᠭᠠᠰᠤ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠤ᠂ ᠨᠠᠮ ᠤᠨ ᠬᠤᠷᠢᠶᠠᠨ ᠤ ᠳᠡᠳ᠋ ᠱᠦᠵᠢ ᠮᠠ ᠵᠢᠶᠠᠨ ᠮᠢᠨ ᠬᠤᠷᠠᠯ ᠢ ᠡᠷᠬᠢᠯᠡᠵᠡᠢ᠃ ᠬᠤᠷᠠᠯ ᠳᠡᠭᠡᠷ᠎ᠡ᠂ ᠵᠣᠬᠢᠶᠠᠨ ᠪᠠᠶᠢᠭᠤᠯᠬᠤ ᠠᠵᠢᠯ᠂ ᠤᠬᠠᠭᠤᠯᠬᠤ ᠠᠵᠢᠯ᠂ ᠨᠢᠭᠡᠳᠦᠮᠡᠯ ᠹᠷᠣᠨᠲ ᠤᠨ ᠠᠵᠢᠯ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠪᠠᠯᠭᠠᠰᠤᠨ ᠤ ᠤᠳᠤᠷᠢᠳᠤᠯᠭ᠎ᠠ ᠨᠠᠷ ᠠᠴᠠ ᠲᠤᠰᠪᠤᠷᠢ 2023 ᠣᠨ ᠤ ᠠᠵᠢᠯ ᠤᠨ ᠪᠠᠶᠢᠳᠠᠯ  ᠢᠶᠠᠨ ᠳ᠋ᠦᠩᠨᠡᠭᠰᠡᠨ ᠪᠥᠭᠡᠳ 2024 ᠣᠨ ᠤ ᠠᠵᠢᠯ ᠡᠬᠦᠷᠭᠡ ᠶᠢ ᠨᠠᠷᠢᠨ ᠨᠢᠮᠪᠠᠢ ᠲᠤᠬᠢᠷᠠᠭᠤᠯᠵᠤ ᠪᠠᠶᠢᠷᠢᠯᠠᠭᠤᠯᠤᠭᠰᠠᠨ ᠪᠠᠶᠢᠨ᠎ᠠ᠃ ᠨᠠᠮ ᠤᠨ ᠬᠤᠷᠢᠶᠠᠨ ᠤ ᠱᠦᠵᠢ ᠵᠠᠩ ᠶᠦᠩ ᠯᠢ ᠶᠠᠷᠢᠶᠠᠨ ᠳᠠᠭᠠᠨ᠂ ᠨᠢᠭᠡ ᠳᠤ ᠦᠵᠡᠯ ᠰᠠᠨᠠᠭ᠎ᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠦᠨ᠎ᠡ᠃ ᠬᠡᠷᠡᠭᠲᠡᠢ᠃ ︽ᠲᠦᠷᠪᠡᠨ ᠤᠬᠠᠮᠰᠠᠷ︾ ᠢᠶᠠᠨ ᠲᠠᠰᠤᠷᠠᠯᠳᠠ ᠦᠭᠡᠢ ᠴᠢᠩᠭᠠᠳᠬᠠᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠳᠤᠯᠠᠨ᠂ ᠨᠠᠮ ᠤᠨ ᠤᠯᠤᠰ ᠲᠦᠷᠦ ᠶᠢᠨ ᠱᠤᠭᠤᠮ ᠢ ᠡᠷᠡᠰ ᠭᠡᠷᠡᠭᠵᠢᠬᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ᠂ ᠰᠤᠷᠲᠠᠯ ᠢᠶᠠᠨ ᠦᠨᠡᠨ ᠬᠦ ᠬᠤᠪᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ ᠬᠡᠷᠡᠭᠲᠡᠢ᠃ ᠪᠠᠯᠭᠠᠰᠤ ᠲᠣᠰᠬᠤᠨ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠡᠷᠬᠡᠪᠰᠢ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠳᠠᠷᠤᠢ ᠬᠠᠮᠤᠭ ᠤᠨ ᠶᠡᠭᠡ ᠠᠵᠢᠯ ᠤᠨ ᠪᠦᠲᠦᠮᠵᠢ ᠮᠥᠨ ᠬᠡᠮᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠡᠷᠬᠡᠪᠰᠢ ︽ᠨᠢᠭᠡᠳᠦᠭᠡᠷ ᠬᠠᠷᠢᠭᠤᠴᠠᠯᠭᠠᠲᠠᠨ︾  ᠤ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠂  ᠰᠡᠳᠬᠢᠵᠦ ᠰᠤᠳᠤᠯᠬᠤ᠂ ᠲᠦᠯᠦᠪᠵᠢᠬᠦᠯᠵᠦ ᠵᠣᠬᠢᠴᠠᠭᠤᠯᠬᠤ᠂  ᠱᠠᠭᠠᠷᠳᠠᠵᠤ ᠨᠠᠶᠢᠳᠠᠪᠤᠷᠢᠵᠢᠭᠤᠯᠬᠤ  ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠦᠨᠡᠨ ᠬᠦ᠋ ᠪᠣᠳᠠᠲᠠᠶᠢᠵᠢᠭᠤᠯᠠᠬᠤ ᠬᠡᠷᠡᠭᠲᠡᠢ᠃ ᠭᠤᠷᠪᠠ ᠳᠤ ᠬᠢᠷᠢ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯᠯᠠᠬᠤ ᠠᠷᠭ᠎ᠠ ᠪᠠᠨ ᠰᠢᠯᠢᠳᠡᠭᠵᠢᠭᠦᠯᠬᠦ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠵᠦ᠂ ᠤᠨᠤᠯ  ᠤᠨ ᠪᠣᠯᠪᠠᠰᠤᠷᠠᠯ ᠪᠣᠯᠣᠨ ᠠᠵᠢᠯ  ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂  ᠰᠢᠨᠵᠢᠯᠡᠬᠦ ᠤᠬᠠᠭᠠᠨᠴᠢ ᠤᠨᠤᠯ  ᠤᠨ ᠵᠢᠯᠣᠭᠤᠳᠤᠯᠭ᠎ᠠ ᠪᠠᠷ ᠪᠣᠳᠠᠲᠠᠢ ᠠᠰᠠᠭᠤᠳᠠᠯ ᠢ ᠰᠢᠢᠳᠪᠦᠷᠢᠯᠡᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠢᠶᠠᠨ ᠰᠠᠶᠢᠨ ᠬᠢᠬᠦ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号