ᠵᠣᠣ ᠹᠧᠢ ᠫᠧᠩ ᠨᠠᠭᠤᠷ ᠭᠤᠣᠯ ᠢ ᠴᠠᠭᠳᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/15
  4 ᠰᠠᠷ᠎ᠠ ᠶᠢᠨ 13᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠦᠯᠬᠦᠮ ᠲᠠᠭᠠᠭᠤᠯᠵᠤ 2024 ᠣᠨ ᠤ ᠬᠤᠶᠠᠳᠤᠭᠠᠷ ᠤᠯᠠᠷᠢᠯ ᠤᠨ ᠨᠠᠭᠤᠷ ᠭᠤᠣᠯ ᠴᠠᠭᠳᠠᠨ ᠪᠠᠶᠢᠴᠠᠭᠠᠬᠤ ᠠᠵᠢᠯ ᠢ ᠦᠷᠨᠢᠬᠦᠯᠵᠡᠢ᠃ ᠵᠤᠤ ᠹᠧᠢ ᠫᠧᠩ ᠪᠤᠤᠴᠠᠩ ᠭᠤᠣᠯ ᠤᠨ ᠤᠰᠤᠨ ᠤ ᠴᠢᠨᠠᠷ ᠴᠢᠨᠰᠠᠭ᠎ᠠ᠂ ᠣᠷᠴᠢᠨ ᠲᠣᠭᠤᠷᠢᠨ ᠤ ᠴᠢᠨᠠᠷ ᠴᠢᠨᠰᠠᠭᠠᠨ ᠤ ᠪᠠᠶᠢᠳᠠᠯ ᠵᠡᠷᠭᠡ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ  ᠰᠤᠨᠤᠰᠤᠭᠰᠠᠨ ᠤ ᠬᠠᠮᠲᠤ᠂ ᠭᠤᠣᠯ ᠤᠨ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠳᠠᠨ ᠪᠠᠶᠢᠴᠠᠭᠠᠬᠤ ᠠᠵᠢᠯ ᠢ ᠪᠠᠶᠢᠩᠭᠤ ᠦᠷᠨᠢᠬᠦᠯᠦᠨ᠂  ᠭᠤᠤᠯ ᠤᠨ ᠤᠶᠢᠷ᠎ᠠ ᠬᠠᠪᠢ ᠳᠠᠬᠢ ᠠᠮᠢᠳᠤᠷᠠᠯ ᠤᠨ ᠬᠤᠭ ᠨᠣᠪᠰᠢ᠂ ᠬᠥᠪᠥᠮᠡᠯ ᠪᠣᠳᠠᠰ᠂ ᠯᠠᠭ ᠰᠢᠪᠠᠷ ᠵᠡᠷᠭᠡ ᠶᠢ ᠴᠠᠭ ᠲᠤᠬᠠᠢ ᠳᠤᠨᠢ ᠴᠡᠪᠡᠷᠯᠡᠵᠦ᠂ ᠭᠤᠣᠯ ᠤᠨ ᠤᠷᠤᠰᠬᠠᠯ ᠤᠨ ᠠᠮᠢ ᠠᠬᠤᠢ  ᠎ ᠶᠢ ᠰᠠᠶᠢᠵᠢᠷᠠᠭᠤᠯᠤᠨ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃  ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠪᠠ ᠨᠠᠭᠤᠷ ᠭᠤᠣᠯ ᠤᠨ ᠬᠠᠮᠠᠭᠠᠯᠠᠯᠲᠠ ᠶᠢᠨ ᠦᠵᠡᠯ ᠤᠬᠠᠮᠰᠠᠷ ᠢ ᠲᠡᠭᠡᠭᠰᠢᠯᠡᠬᠦᠯᠦᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠷᠲᠡ ᠠᠴᠠ  ᠲᠦᠯᠦᠪᠵᠢᠬᠦᠯᠦᠨ ᠡᠷᠲᠡ ᠠᠴᠠ ᠪᠠᠶᠢᠷᠢᠯᠠᠭᠤᠯᠵᠤ᠂ ᠦᠶᠡᠷ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠦᠨ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠦᠷᠢᠯᠡᠵᠦ᠂ ᠲᠦᠭᠰᠢᠭᠦᠷᠢ ᠶᠢ ᠰᠡᠷᠭᠡᠶᠢᠯᠡᠵᠦ᠂ ᠴᠢᠳᠠᠪᠤᠷᠢ ᠶᠢ ᠳᠡᠭᠡᠭᠰᠢᠯᠡᠭᠦᠯᠵᠦ ᠪᠠᠶᠢᠭᠠᠳ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠬᠡᠵᠦ ᠱᠠᠭᠠᠷᠳᠠᠪᠠ᠃ ᠲᠡᠳ᠋ ᠬᠤᠰᠢᠭᠤ ᠲᠠᠷᠤᠭ᠎ᠠ ᠯᠢ ᠵᠠᠨ ᠪᠦᠦ᠂  ᠬᠤᠰᠢᠭᠤᠨ ᠤ ᠤᠰᠤᠨ ᠠᠰᠢᠭᠯᠠᠯᠲᠠ ᠎ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号