ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠶᠢ  ᠲᠦᠷᠭᠡᠳᠭᠡᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/15
   ᠲᠠᠶᠢᠹᠤᠰᠧ ᠬᠤᠰᠢᠭᠤᠨ ᠤ ᠪᠣᠣᠴᠠᠩ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠬᠦᠶ᠎ᠡ ᠥᠪᠥᠷ ᠮᠣᠩᠭᠤᠯ ᠤᠨ ᠵᠢᠩ ᠴᠧᠩ ᠴᠠᠬᠢᠯᠭᠠᠨ ᠳᠡᠭᠡᠰᠦᠨ ᠤ ᠬᠢᠵᠠᠭᠠᠷᠲᠤ ᠺᠣᠮᠫᠠᠨᠢ ᠶᠢᠨ ᠬᠢᠨ ᠦᠢᠯᠡᠳᠪᠦᠷᠢᠯᠡᠯ ᠢᠶᠠᠨ ᠱᠠᠯᠠᠪᠳᠠᠨ ᠦᠷᠨᠢᠬᠦᠯᠵᠦ᠂ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ ᠠᠵᠢᠯᠲᠠᠳ ᠤᠨ ᠬᠢᠨᠠᠯᠳᠠ ᠲᠤᠤᠷ᠎ᠠ ᠠᠮᠠᠷᠠᠯ ᠦᠬᠡᠢ ᠠᠵᠢᠯᠯᠠᠬᠤ ᠨᠢ ᠬᠠᠷᠠᠭᠳᠠᠨ᠎ᠠ᠃  ᠵᠢᠩ ᠴᠧᠩ ᠴᠠᠬᠢᠯᠭᠠᠨ ᠳᠡᠭᠡᠰᠦᠨ ᠤ ᠬᠢᠵᠠᠭᠠᠷᠲᠤ ᠺᠣᠮᠫᠠᠨᠢ ᠪᠣᠯ ᠰᠢᠨ᠎ᠡ ᠡᠨᠧᠷᠭᠢ ᠶᠢᠨ ᠴᠠᠬᠢᠯᠭᠠᠨ ᠳᠡᠭᠡᠰᠦ ᠦᠢᠯᠡᠳᠪᠦᠷᠢᠯᠡᠬᠦ ᠪᠠᠷ ᠭᠤᠣᠯ ᠪᠣᠯᠭᠠᠭᠰᠠᠨ ᠠᠵᠤ ᠠᠬᠤᠶᠢᠯᠠᠯ ᠪᠠᠶᠢᠵᠤ᠂ 2023 ᠣᠨ ᠤ 6 ᠰᠠᠷ᠎ᠠ ᠳᠤ ᠲᠠᠶᠢᠹᠤᠰᠧ ᠬᠤᠰᠢᠭᠤᠨ ᠳᠤ ᠨᠤᠳᠤᠭᠰᠢᠭᠰᠠᠨ ᠶᠤᠮ᠃ 2023 ᠣᠨ ᠤ 12 ᠰᠠᠷ᠎ᠠ ᠳᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠡᠶᠡᠯᠡᠬᠦᠯᠵᠦ ᠲᠤᠷᠰᠢᠨ ᠦᠢᠯᠡᠳᠪᠦᠷᠢᠯᠡᠭᠡᠳ᠂ 4 ᠵᠤᠷᠪᠤᠰ 1-3kV᠎ ᠶᠢᠨ ᠴᠠᠬᠢᠯᠭᠠᠨ ᠲᠡᠭᠡᠰᠦ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠢᠵᠢ ᠪᠦᠷᠢᠳᠦᠭᠰᠡᠨ ᠲᠤᠰᠠᠯᠠᠬᠤ ᠲᠥᠬᠦᠭᠡᠷᠦᠮᠵᠢ ᠪᠠ ᠲᠤᠷᠰᠢᠯᠲᠠ ᠶᠢᠨ ᠲᠥᠬᠦᠭᠡᠷᠦᠮᠵᠢ ᠶᠢ ᠪᠠᠶᠢᠭᠤᠯᠬᠤ ᠳᠤ ᠨᠡᠶᠢᠲᠡ ᠪᠠᠷᠤᠭ 2400 ᠲᠦᠮᠡᠨ ᠲᠥᠭᠦᠷᠢᠭ ᠤᠨ ᠪᠡᠯᠡ ᠣᠷᠣᠭᠤᠯᠪᠠ᠃     ᠵᠢᠩ ᠴᠧᠩ ᠴᠠᠬᠢᠯᠭᠠᠨ ᠳᠡᠭᠡᠰᠦᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠬᠡᠯᠲᠡᠰ ᠤᠨ ᠬᠠᠷᠢᠭᠤᠴᠠᠯᠭᠠᠲᠠᠨ ᠵᠢᠢ ᠵᠢᠩ ᠯᠦᠩ᠄ ︽ᠣᠳᠣ ᠪᠣᠯᠲᠠᠯ᠎ᠠ ᠦᠢᠯᠡᠳᠬᠦᠨ ᠤ ᠥᠷᠲᠡᠭ ᠪᠠᠷᠤᠭ 6000 ᠲᠦᠮᠡ ᠬᠦᠷᠴᠦ᠂ ᠵᠠᠬᠢᠶᠠᠯᠠᠭ᠎ᠠ  ᠎ ᠶᠢᠨ ᠪᠦᠬᠦ ᠲᠤᠭ᠎ᠠ ᠨᠢ ᠬᠤᠶᠠᠷ ᠳ᠋ᠦᠩᠰᠢᠭᠤᠷ ᠲᠤ ᠬᠦᠷᠴᠦ ᠪᠤᠢ᠂ ᠦᠢᠯᠡᠳᠬᠦᠨ  ᠎ ᠢ ᠭᠤᠣᠯᠳᠠᠭᠤ ᠱᠠᠨᠳᠦ᠋ᠩ᠂ ᠭᠠᠨᠰᠤ᠂ ᠰᠢᠨᠵᠢᠶᠠᠩ ᠵᠡᠷᠭᠡ ᠭᠠᠵᠠᠷ ᠲᠤ ᠪᠣᠷᠣᠯᠠᠭᠤᠯᠵᠤ  ᠪᠠᠶᠢᠭ᠎ᠠ  ᠂ ᠬᠤᠶᠠᠳᠤᠭᠠᠷ ᠬᠤᠭᠤᠴᠠᠭᠠᠨ ᠳᠤ ᠪᠢᠳᠡ ᠬᠤᠶᠠᠷ ᠵᠤᠷᠪᠤᠰ ᠥᠨᠳᠥᠷ ᠬᠦᠴᠦᠳᠡᠯᠲᠦ ᠴᠠᠬᠢᠯᠭᠠᠨ ᠲᠡᠭᠡᠰᠦᠨ ᠤ ᠦᠢᠯᠡᠳᠪᠦᠷᠢᠯᠡᠯ ᠤᠨ ᠱᠤᠭᠤᠮ ᠢ ᠨᠡᠮᠡᠵᠦ ᠪᠠᠶᠢᠭᠤᠯᠬᠤ ᠪᠠᠷ ᠪᠠᠶᠢᠨ᠎ᠠ᠂ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ  ᠎ ᠶᠢ ᠪᠡᠶᠡᠯᠡᠭᠦᠯᠦᠭᠰᠡᠨ ᠤ ᠳᠠᠷᠠᠭ᠎ᠠ ᠵᠢᠯ ᠤᠨ ᠦᠢᠯᠡᠳᠬᠦᠨ ᠤ ᠥᠷᠲᠡᠭ  ᠪᠠᠷᠤᠭ 8᠎ ᠠᠴᠠ 15 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ︾  ᠃         ᠤᠯᠤᠰ ᠠᠷᠠᠳ ᠤᠨ ᠠᠵᠤ ᠠᠬᠤᠢ ᠶᠢᠨ ᠲᠦᠷᠭᠡᠨ ᠬᠦᠭᠵᠢᠬᠦ ᠶᠢ ᠲᠠᠭᠠᠯᠳᠤᠭᠠᠳ᠂ ᠴᠠᠬᠢᠯᠭᠠᠨ ᠤᠲᠠᠰᠤ ᠴᠠᠬᠢᠯᠭᠠᠨ ᠳᠡᠭᠡᠰᠦᠨ ᠤ ᠠᠵᠢᠯ ᠲᠥᠷᠥᠯ ᠳᠤ ᠥᠷᠨᠢᠩᠭᠦᠢ ᠬᠦᠭᠵᠢᠯᠳᠡ ᠶᠢᠨ ᠬᠠᠨᠳᠤᠰᠢ ᠢᠯᠡᠷᠡᠵᠦ᠂ ᠴᠠᠬᠢᠯᠭᠠᠨ ᠤᠲᠠᠰᠤ ᠴᠠᠬᠢᠯᠭᠠᠨ ᠲᠡᠭᠡᠰᠦ ᠦᠢᠯᠡᠳᠬᠦ ᠠᠵᠤ ᠦᠢᠯᠡᠰ ᠨᠢ ᠦᠢᠯᠡᠳᠭᠡᠯ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠵᠠᠢ᠃ ᠵᠢᠩ ᠴᠧᠩ ᠴᠠᠬᠢᠯᠭᠠᠨ ᠲᠡᠭᠡᠰᠦᠨ ᠤ ᠬᠢᠵᠠᠭᠠᠷᠳᠤ ᠺᠤᠮᠫᠠᠨᠢ ᠶᠢᠨ ᠲᠠᠶᠢᠹᠤᠰᠧ ᠬᠤᠰᠢᠭᠤᠨ ᠳᠤ ᠨᠤᠳᠤᠭᠰᠢᠭᠰᠠᠨ ᠨᠢ ᠲᠤᠰ ᠬᠤᠰᠢᠭᠤᠨ ᠤ ᠴᠠᠬᠢᠯᠭᠠᠨ ᠳᠡᠭᠡᠰᠦ ᠦᠢᠯᠡᠳᠬᠦ ᠠᠵᠤ ᠦᠢᠯᠡᠰ ᠤᠨ ᠬᠤᠭᠤᠰᠤᠨ ᠢ ᠨᠦᠬᠦᠪᠦᠷᠢᠯᠡᠭᠰᠡᠨ ᠪᠠᠶᠢᠨ᠎ᠠ᠃ ᠤᠳᠤ ᠥᠪᠥᠷ ᠮᠣᠩᠭᠤᠯ ᠤᠨ ᠵᠢᠶᠠ ᠹᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠬᠠᠨ ᠰᠢᠨ ᠲᠡᠮᠦᠷᠯᠢᠭ ᠦᠢᠯᠡᠳᠬᠦ ᠬᠢᠵᠠᠭᠠᠷᠲᠤ ᠺᠣᠮᠫᠠᠨᠢ ᠵᠡᠷᠭᠡ ᠴᠠᠬᠢᠯᠭᠠᠨ ᠲᠡᠭᠡᠰᠦ ᠦᠢᠯᠡᠳᠬᠦ ᠳᠡᠭᠡᠳᠦ ᠤᠷᠤᠰᠬᠠᠯ ᠤᠨ ᠠᠵᠤ ᠠᠬᠤᠶᠢᠯᠠᠯ ᠤᠳ ᠴᠤ ᠵᠠᠯᠭᠠᠭ᠎ᠠ ᠪᠠᠷ ᠲᠠᠶᠢᠹᠤᠰᠧ ᠬᠤᠰᠢᠭᠤᠨ ᠳᠤ  ᠨᠤᠳᠤᠭᠰᠢᠵᠤ ᠪᠠᠷᠢᠯᠭ᠎ᠠ ᠪᠠᠨ ᠡᠬᠢᠯᠡᠬᠦᠯᠦᠭᠡᠳ᠂ ᠴᠠᠬᠢᠯᠭᠠᠨ ᠲᠡᠭᠡᠰᠦᠨ ᠤ ᠠᠵᠤ ᠦᠢᠯᠡᠰ ᠨᠢ ᠰᠠᠯᠬᠢᠨ ᠬᠦᠴᠦᠨ ᠤ ᠴᠠᠬᠢᠯᠭᠠᠨ ᠵᠡᠷᠭᠡ ᠠᠵᠤ ᠦᠢᠯᠡᠰ ᠤᠨ ᠲᠥᠷᠥᠯ ᠵᠦᠢᠯ ᠲᠠᠢ ᠤᠶᠠᠯᠳᠤᠨ ᠵᠡᠷᠭᠡ ᠎ ᠪᠠᠷ ᠬᠥᠭᠵᠢᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠡᠢ᠃    ᠵᠢᠩ ᠴᠧᠩ ᠴᠠᠬᠢᠯᠭᠠᠨ ᠳᠡᠭᠡᠰᠦᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠩ ᠶᠦᠩ᠄ ︽ᠳᠠᠷᠠᠭᠠᠴᠢ  ᠎ ᠶᠢᠨ ᠠᠯᠬᠤᠮ ᠳᠤ ᠮᠠᠨ ᠤ ᠺᠣᠮᠫᠠᠨᠢ ᠨᠢ ᠰᠢᠨ᠎ᠡ ᠡᠨᠧᠷᠭᠢ ᠶᠢᠨ ᠴᠠᠬᠢᠯᠭᠠᠨ ᠲᠡᠭᠡᠰᠦ ᠦᠢᠯᠡᠳᠪᠦᠷᠢᠯᠡᠬᠦ ᠪᠠᠷ ᠭᠤᠣᠯ ᠪᠤᠯᠭᠠᠨ᠂ ᠦᠢᠯᠡᠳᠬᠦᠨ ᠢᠶᠠᠨ ᠲᠠᠰᠤᠷᠠᠯᠲᠠ ᠦᠭᠡᠢ ᠰᠢᠢᠯᠢᠳᠡᠭᠵᠢᠬᠦᠯᠵᠦ ᠳᠡᠰ ᠳᠡᠪᠰᠢᠭᠦᠯᠬᠦ  ᠎ ᠶᠢᠨ ᠬᠠᠮᠲᠤ᠂ ᠰᠢᠨ᠎ᠡ ᠮᠡᠷᠭᠡᠵᠢᠯ ᠪᠣᠯᠣᠨ ᠰᠢᠨ᠎ᠡ ᠦᠢᠯᠡᠳᠬᠦᠨ  ᠎ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠡᠷᠡᠭᠯᠡᠭᠴᠢᠳ ᠤᠨ ᠬᠡᠷᠡᠭᠴᠡᠭᠡ ᠶᠢ ᠤᠯᠠᠮ ᠰᠠᠶᠢᠨ ᠬᠠᠩᠭᠠᠬᠤ ᠪᠠ ᠰᠢᠨ᠎ᠡ ᠵᠠᠬ᠎ᠠ ᠳᠡᠯᠭᠡᠭᠦᠷ  ᠎ ᠢ ᠲᠡᠯᠡᠵᠦ ᠥᠷᠭᠡᠳᠬᠡᠬᠦ ᠳᠤ ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠪᠠᠷ ᠴᠢᠷᠮᠠᠶᠢᠨ᠎ᠠ︾  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号