ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ︽ᠶᠢᠰᠦᠳᠦᠭᠡᠷ ᠪᠦᠯᠦᠭ ᠤᠨ | ᠪᠥᠬᠦ ᠠᠶᠢᠮᠠᠭ ᠤᠨ ᠯᠧᠢ ᠹᠧᠩ ᠠᠴᠠ ᠰᠤᠷᠤᠯᠴᠠᠬᠤ ᠠᠵᠢᠯᠯᠠᠭᠠᠨ ᠤ ᠵᠢᠱᠢᠶ᠎ᠡ ᠦᠵᠡᠭᠦᠯᠬᠦ ᠴᠡᠭ ᠪᠠ ᠠᠵᠢᠯ ᠤᠨ | ᠪᠠᠶᠢᠷᠢ ᠶᠢᠨ ᠯᠧᠢ ᠹᠧᠩ ᠠᠴᠠ ᠰᠤᠷᠤᠯᠴᠠᠬᠤ ᠵᠢᠱᠢᠶᠡᠴᠢ ᠶᠢ ᠨᠡᠷᠡᠶᠢᠳᠬᠦ ᠲᠤᠬᠠᠢ ᠲᠣᠭᠲᠠᠭᠠᠯ︾ ᠢ ᠳᠠᠷᠤᠮᠠᠯᠯᠠᠨ | ᠲᠠᠷᠬᠠᠭᠠᠬᠤ ᠳᠤ ᠲᠠᠶᠢᠹᠤᠰᠧ ᠬᠤᠰᠢᠭᠤᠨ ᠤ ᠬᠤᠩ ᠴᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ︽ | ᠶᠢᠰᠦᠳᠦᠭᠡᠷ ᠪᠦᠯᠦᠭ ᠤᠨ ᠪᠥᠬᠦ ᠠᠶᠢᠮᠠᠭ ᠤᠨ ᠯᠧᠢ ᠹᠧᠩ ᠠᠴᠠ ᠰᠤᠷᠤᠯᠴᠠᠬᠤ ᠠᠵᠢᠯᠯᠠᠭᠠᠨ ᠤ ᠵᠢᠱᠢᠶ᠎ᠡ ᠦᠵᠡᠭᠦᠯᠬᠦ | ᠴᠡᠭ︾ ᠢᠶᠠᠷ ᠨᠡᠷᠡᠶᠢᠳᠦᠭᠳᠡᠭᠰᠡᠨ ᠪᠠᠶᠢᠨ᠎ᠠ᠃ 4 ᠰᠠᠷ᠎ᠠ ᠶᠢᠨ 12 ᠤᠨ ᠡᠳᠦᠷ᠂ ᠵᠢᠱᠢᠶ᠎ᠡ ᠦᠵᠡᠬᠦᠯᠬᠦ ᠴᠡᠭ ᠤᠨ | ᠫᠠᠶᠢᠰᠠ ᠰᠡᠬᠦᠬᠦ ᠶᠣᠰᠣᠯᠠᠯ ᠬᠤᠩ ᠴᠢ ᠪᠠᠯᠭᠠᠰᠤᠨ ᠳᠤ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠽᠦᠸᠧ ᡁᠢ ᠭᠦᠸᠧ ᠶᠣᠰᠣᠯᠠᠯ ᠳᠤ ᠣᠷᠣᠯᠴᠠᠵᠤ | ᠫᠠᠶᠢᠰᠠ ᠶᠢ ᠰᠡᠬᠦᠵᠡᠢ᠃ | ᠣᠶᠢᠷ᠎ᠠ ᠶᠢᠨ ᠵᠢᠯ ᠳᠤ᠂ ᠬᠤᠩ ᠴᠢ ᠪᠠᠯᠭᠠᠰᠤ ᠨᠢ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ | ᠥᠷᠨᠢᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠦᠭᠡᠳ᠂ ᠪᠦᠬᠦ ᠠᠷᠠᠳ ᠢᠶᠠᠷ ᠢᠶᠠᠨ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠭᠦᠨ | ᠵᠤᠵᠠᠭᠠᠨ ᠠᠭᠤᠷ ᠠᠮᠢᠰᠬᠤᠯ ᠢ ᠪᠤᠶ ᠪᠣᠯᠭᠠᠭᠰᠠᠨ ᠶᠤᠮ᠃ ᠬᠤᠩ ᠴᠢ ᠪᠠᠯᠭᠠᠰᠤ ᠨᠢ ᠡᠬᠦᠪᠡᠷ ᠠᠵᠠ ᠲᠣᠬᠢᠶᠠᠯ | ᠪᠤᠯᠭᠠᠨ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠡᠮᠡᠭᠳᠡᠬᠦᠯᠵᠦ᠂ ᠯᠧᠢ ᠹᠧᠩ ᠠᠴᠠ ᠰᠤᠷᠤᠯᠴᠠᠬᠤ ᠣᠯᠠᠨ | ᠶᠠᠩᠵᠤ ᠶᠢᠨ ᠬᠦᠳᠡᠯᠪᠦᠷᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠯᠧᠢ ᠹᠧᠩ ᠠᠴᠠ ᠰᠤᠷᠤᠯᠴᠠᠬᠤ | ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠤᠨ ᠲᠤᠮᠳᠠ ᠠᠭᠤᠰᠬᠠᠨ᠂ ᠣᠳᠣᠬᠢᠴᠢᠯᠠᠭᠰᠠᠨ ᠦᠵᠡᠰᠬᠦᠯᠡᠩᠲᠦ | ᠰᠠᠶᠢᠬᠠᠨ ᠲᠠᠶᠢᠹᠤᠰᠧ ᠬᠤᠰᠢᠭᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠩ ᠴᠢ ᠪᠠᠯᠭᠠᠰᠤᠨ ᠤ ᠤᠳᠤᠷᠢᠳᠬᠤ ᠪᠠᠭ ᠤᠨ | ᠭᠡᠰᠢᠬᠦᠳ ᠪᠠ ᠺᠠᠳ᠋ᠷ ᠠᠵᠢᠯᠳᠠᠳ ᠺᠠᠳ᠋ᠷ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ |