ᠰᠢᠩ ᠹᠦ᠋ ᠰᠢᠶᠠᠩ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/4/15
  4 ᠰᠠᠷ᠎ᠠ ᠶᠢᠨ 12 ᠤᠨ ᠡᠳᠦᠷ᠂ ᠰᠢᠩ ᠹᠦ᠋ ᠰᠢᠶᠠᠩ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠱᠦᠵᠢ ︵ᠡᠷᠬᠢᠯᠡᠭᠴᠢ︶᠂ ᠳᠡᠳ᠋ ᠱᠦᠵᠢ ︵ᠳᠡᠳ᠋ ᠡᠷᠬᠢᠯᠡᠭᠴᠢ︶᠂ ᠳᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ   ᠢ ᠪᠠᠬᠢᠵᠢᠭᠦᠯᠦᠨ ᠥᠷᠭᠡᠳᠬᠡᠬᠦ ︽ᠡᠷᠬᠢᠨ ᠬᠠᠷᠠᠬᠤ︾ ᠲᠤᠰᠬᠠᠢ ᠠᠵᠢᠯᠯᠠᠭ᠎ᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠭᠠᠵᠠᠷ ᠰᠢᠷᠣᠢ ᠶᠢᠨ ᠡᠷᠭᠢᠯᠲᠡ᠂ ᠠᠶᠤᠯᠭᠦᠢ ᠦᠢᠯᠡᠳᠪᠦᠷᠢᠯᠡᠯ᠂  ᠭᠡᠮ ᠰᠤᠭᠤᠭ ᠲᠠᠢ ᠭᠡᠷ ᠪᠠᠶᠢᠰᠢᠩ   ᠢ ᠪᠠᠶᠢᠴᠠᠭᠠᠬᠤ᠂ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ ᠰᠢᠨᠡᠳᠭᠡᠬᠦ  ᠂ ᠬᠤᠯᠤᠭᠠᠨ᠎ᠠ ᠶᠢᠨ ᠬᠢᠵᠢᠭ   ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠲᠠᠯ᠎ᠠ ᠶᠢᠨ ᠠᠵᠢᠯ   ᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠵᠠᠢ᠃ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠵᠣᠣ ᠢᠦᠢ ᠪᠦᠦ  ᠶᠠᠷᠢᠶᠠᠨ ᠳᠠᠭᠠᠨ᠂ ᠨᠢᠭᠡ ᠳᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠰᠠᠶᠢᠨ ᠬᠢᠵᠦ᠂ ᠡᠬᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠦᠵᠡᠯᠳᠡ ᠲᠠᠨᠢᠯᠲᠠ ᠪᠠᠨ ᠳᠡᠭᠡᠭᠰᠢᠯᠡᠭᠦᠯᠵᠦ᠂  ᠵᠡᠷᠭᠡᠪᠡᠷ ᠠᠳᠬᠤᠵᠤ ᠬᠠᠮᠳᠤᠪᠠᠷ ᠬᠠᠮᠢᠶᠠᠷᠤᠨ᠂ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠡᠮᠬᠢ ᠲᠢᠭᠯᠡᠮ ᠲᠠᠢ ᠠᠬᠢᠭᠤᠯᠬᠤ ᠬᠡᠷᠡᠭᠲᠡᠢ᠃ ᠬᠤᠶᠠᠷ ᠲᠤ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠨ ᠬᠢᠵᠦ᠂ ᠡᠯ᠎ᠡ ᠲᠣᠰᠬᠤᠨ ᠤ ︽ᠬᠤᠶᠠᠷ ᠵᠥᠪᠯᠡᠯ︾ ᠨᠢ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠥᠷᠭᠡᠨ ᠤᠯᠠᠨ ᠲᠠᠷᠢᠶᠠᠴᠢᠳ ᠤᠨ ᠤᠰᠤ ᠠᠷᠪᠢᠯᠠᠬᠤ ᠦᠵᠡᠯ ᠤᠬᠠᠮᠰᠠᠷ ᠢ ᠨᠢ ᠴᠢᠩᠭᠠᠳᠬᠠᠵᠤ᠂ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠪᠠ  ᠠᠷᠪᠢᠴᠢ ᠭᠠᠮᠳᠠᠢ ᠪᠠᠷ ᠤᠰᠤ ᠬᠡᠷᠡᠭᠯᠡᠬᠦ ᠤᠬᠠᠮᠰᠠᠷᠲᠤ ᠴᠢᠨᠠᠷ ᠢ ᠴᠢᠩᠭᠠᠷᠠᠭᠤᠯᠤᠨ᠂ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠭᠤᠷᠪᠠ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠨ ᠬᠢᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠡᠷᠴᠢᠮ ᠪᠣᠯᠣᠨ ᠬᠢᠨᠠᠯᠳᠠ ᠲᠠᠯᠪᠢᠬᠤ ᠡᠷᠴᠢᠮ ᠢ ᠴᠢᠩᠭᠠᠷᠠᠭᠤᠯᠤᠨ᠂  ᠬᠤᠯᠠᠭᠠᠢ ᠪᠠᠷ ᠪᠡᠯᠴᠢᠭᠡᠷᠯᠡᠭᠦᠯᠬᠦ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠬᠤ ᠪᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠪᠠᠬᠢᠵᠢᠬᠦᠯᠬᠦ ᠪᠡ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠠᠵᠢᠯ ᠢ ᠰᠠᠶᠢᠨ ᠬᠢᠵᠦ᠂ ᠡᠯ᠎ᠡ ᠲᠦᠷᠦᠯ ᠤᠨ ᠠᠵᠢᠯ ᠢ ᠰᠠᠶᠢᠲᠤᠷ ᠬᠠᠮᠵᠢᠯᠴᠠᠨ ᠵᠣᠬᠢᠴᠠᠭᠤᠯᠵᠤ᠂ ᠬᠠᠮᠢᠶᠠᠷᠴᠤ ᠬᠠᠮᠠᠭᠠᠯᠠᠬᠤ ᠠᠵᠢᠯ ᠢ  ᠴᠢᠩᠭᠠᠳᠬᠠᠨ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠡᠪᠳᠡᠭᠳᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠠᠪᠤ ᠳᠤ ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠰᠠᠶᠢᠨ ᠬᠢᠵᠦ᠂  ᠲᠤᠰᠬᠤᠨ ᠤ ︽ᠬᠤᠶᠠᠷ ᠵᠥᠪᠯᠡᠯ︾ ᠪᠠ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠦᠢᠯᠡᠳᠦᠯ ᠢ ᠪᠠᠳᠠᠷᠠᠭᠤᠯᠤᠨ᠂  ᠠᠷᠠᠳ ᠢᠷᠭᠡᠳ ᠲᠤ ᠴᠡᠪᠡᠷ ᠴᠡᠮᠴᠡᠭᠡᠷ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠨᠠᠮ ᠤᠨ ᠬᠤᠷᠢᠶᠠᠨ ᠤ ᠱᠦᠵᠢ ᠰᠦᠩ ᠹᠧᠩ ᠠᠴᠠ᠄ ᠨᠢᠬᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ  ᠤᠶᠢᠯᠠᠭᠠᠨ᠂ ᠰᠠᠶᠢᠲᠤᠷ ᠤᠯᠠᠮᠵᠢᠯᠠᠵᠤ᠂ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠵᠤ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ ᠤᠬᠠᠭᠤᠯᠭ᠎ᠠ ᠵᠢᠯᠤᠭᠤᠳᠤᠯᠭ᠎ᠠ ᠶᠢ ᠰᠠᠶᠢᠨ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠲᠦᠷᠦᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠡᠵᠡᠮᠰᠢᠨ ᠰᠠᠶᠢᠲᠤᠷ ᠤᠬᠠᠭᠤᠯᠵᠤ᠂ ᠥᠷᠭᠡᠨ ᠣᠯᠠᠨ  ᠲᠠᠷᠢᠶᠠᠴᠢᠳ ᠢ ᠵᠢᠯᠤᠭᠤᠳᠴᠤ ᠪᠠᠶᠢᠭᠠᠳ ᠲᠥᠷᠥ ᠶᠢᠨ ᠪᠣᠳᠣᠯᠭ᠎ᠠ ᠶᠢ ᠭᠦᠢᠴᠡᠳ ᠲᠠᠨᠢᠭᠤᠯᠤᠨ᠂ ᠠᠮᠢ ᠠᠬᠤᠢ ᠶᠢᠨ ᠬᠠᠮᠠᠭᠠᠯᠠᠯᠲᠠ᠂ ᠨᠡᠶᠢᠭᠡᠮ ᠤᠨ ᠬᠥᠭᠵᠢᠯᠲᠡ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠬᠠᠮᠢᠶ᠎ᠠ ᠪᠦᠬᠦᠢ ᠡᠭᠦᠷᠭᠡ  ᠬᠠᠷᠢᠭᠤᠴᠠᠯᠭ᠎ᠠ ᠪᠠᠨ ᠬᠦᠢᠴᠡᠳᠭᠡᠬᠦ ᠤᠬᠠᠮᠰᠠᠷ ᠢ ᠨᠢ ᠲᠡᠭᠡᠭᠰᠢᠯᠡᠬᠦᠯᠵᠦ᠂ ᠠᠵᠢᠯ ᠤᠨ ᠥᠷᠨᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠲᠣᠰᠬᠤᠨ ᠤ ︽ᠬᠤᠶᠠᠷ ᠵᠥᠪᠯᠡᠯ︾ ᠨᠢ ᠬᠠᠷᠢᠯᠴᠠᠨ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠨᠢᠬᠳᠠᠷᠠᠭᠤᠯᠤᠨ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠥᠪᠡᠷ ᠥᠪᠡᠷ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠂ ᠪᠦᠬᠦ ᠰᠢᠶᠠᠩ ᠤᠨ ᠡᠯ᠎ᠡ ᠲᠦᠷᠦᠯ ᠤᠨ ᠠᠵᠢᠯ ᠦᠢᠯᠡᠰ ᠢ ᠴᠢᠨᠠᠷ ᠰᠠᠶᠢᠲᠠᠢ ᠥᠷᠨᠢᠭᠦᠯᠬᠦ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号