ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠲᠠᠶᠢᠹᠤᠰᠧ ᠬᠤᠰᠢᠭᠤᠨ ᠳᠤ ᠢᠷᠡᠵᠦ  ︽ᠲᠥᠮᠥᠰᠥ ᠲᠠᠷᠢᠵᠤ ᠠᠮᠤ ᠪᠤᠳᠠᠭ᠎ᠠ ᠨᠡᠮᠡᠭᠳᠡᠭᠦᠯᠬᠦ︾ ᠲᠥᠷᠥᠯ ᠵᠦᠢᠯ ᠢ ᠤᠷᠢᠳᠴᠢᠯᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/16
 ᠬᠠᠪᠤᠷ ᠤᠨ ᠲᠠᠷᠢᠶᠠᠯᠠᠭ᠎ᠠ ᠶᠢ ᠰᠠᠶᠢᠨ ᠢᠶᠠᠷ ᠡᠬᠢᠯᠡᠬᠦᠯᠵᠦ᠂ ᠨᠠᠮᠤᠷ ᠤᠨ ᠬᠤᠷᠢᠶᠠᠯᠳᠠ ᠳᠤ ᠰᠠᠭᠤᠷᠢ ᠲᠠᠯᠪᠢᠬᠤ ᠶᠢᠨ ᠲᠦᠯᠦᠭᠡ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠤᠰᠬᠠᠢ ᠮᠡᠷᠭᠡᠵᠢᠯᠲᠡᠨ ᠨᠠᠷ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠮᠡᠷᠭᠡᠵᠢᠯᠲᠡᠨ ᠤ ᠪᠠᠷ᠎ᠠ ᠪᠤᠯᠤᠯᠭ᠎ᠠ ᠲᠠᠢ ᠪᠠᠷ ᠲᠠᠶᠢᠹᠤᠰᠧ ᠬᠤᠰᠢᠭᠤᠨ ᠳᠤ ᠢᠷᠡᠵᠦ᠂  ᠡᠨᠡ ᠵᠢᠯ ᠤᠨ ︽ᠴᠢᠨᠠᠷ ᠰᠠᠶᠢᠳᠠᠢ ᠲᠥᠮᠥᠰᠥ ᠲᠠᠷᠢᠵᠤ ᠠᠮᠤ ᠪᠤᠳᠠᠭ᠎ᠠ ᠶᠢ ᠨᠡᠮᠡᠭᠳᠡᠭᠦᠯᠬᠦ︾ ᠲᠥᠷᠥᠯ ᠵᠦᠢᠯ ᠢ ᠡᠷᠲᠡ ᠠᠴᠠ ᠲᠥᠯᠥᠪᠯᠡᠨ᠂ ᠡᠷᠲᠡ ᠠᠴᠠ ᠪᠠᠶᠢᠷᠢᠯᠠᠭᠤᠯᠵᠤ᠂  ᠠᠮᠤ ᠪᠤᠳᠠᠭᠠᠨ ᠤ ᠡᠯᠪᠡᠭ ᠬᠤᠷᠢᠶᠠᠯᠳᠠ ᠶᠢ ᠪᠡᠶᠡᠯᠡᠭᠦᠯᠬᠦ ᠳᠤ ᠰᠠᠭᠤᠷᠢ ᠶᠢ  ᠲᠠᠯᠪᠢᠭᠰᠠᠨ ᠪᠠᠶᠢᠨ᠎ᠠ᠃ 4 ᠰᠠᠷ᠎ᠠ ᠶᠢᠨ 10 ᠎ ᠤ ᠡᠳᠦᠷ  ᠂ ᠲᠤᠰᠬᠠᠢ ᠮᠡᠷᠭᠡᠵᠢᠯᠳᠡᠳ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ ᠤ ᠵᠢᠦ ᠶᠢᠩ ᠫᠠᠨ ᠲᠣᠰᠬᠤᠨ᠂ ᠪᠤᠤᠴᠠᠩ  ᠪᠠᠯᠭᠠᠰᠤᠨ ᠤ ᠬᠤᠩ ᠳ᠋ᠠ ᠲᠣᠰᠬᠤᠨ ᠳᠤ ᠭᠦᠨᠵᠡᠭᠡᠶᠢᠷᠡᠨ ᠲᠦᠷᠦᠯ ᠵᠦᠢᠯ ᠤᠨ ᠭᠠᠵᠠᠷ ᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠲᠤᠬᠠᠢ ᠠᠩᠬ᠎ᠠ ᠠᠯᠬᠤᠮ ᠤᠨ ᠱᠠᠭᠠᠷᠳᠠᠯᠭ᠎ᠠ ᠳᠤᠷᠠᠳᠤᠭᠰᠠᠨ ᠪᠥᠭᠡᠳ ᠲᠠᠷᠢᠶᠠᠴᠢᠨ ᠡᠷᠦᠬᠡ ᠎ ᠤᠳ ᠲᠠᠢ ᠶᠠᠷᠢᠯᠴᠠᠵᠤ᠂ ᠬᠦᠰᠡᠯ  ᠪᠤᠳᠤᠯ ᠢ ᠨᠢ ᠤᠶᠢᠯᠠᠭᠠᠨ᠂ ᠲᠦᠷᠦᠯ ᠵᠦᠢᠯ ᠤᠨ ᠰᠠᠭᠤᠷᠢᠨ ᠭᠠᠵᠠᠷ ᠲᠤ ᠪᠣᠳᠠᠲᠠᠢ ᠲᠣᠬᠢᠷᠠᠭᠤᠯᠤᠯᠲᠠ ᠬᠢᠵᠡᠢ᠃  4 ᠰᠠᠷ᠎ᠠ ᠶᠢᠨ 11᠎ ᠤ ᠡᠳᠦᠷ ᠲᠤᠰᠬᠠᠢ ᠮᠡᠷᠭᠡᠵᠢᠯᠳᠡᠨ ᠨᠠᠷ ᠲᠦᠮᠦᠰᠦ ᠲᠠᠷᠢᠬᠤ ᠰᠠᠭᠤᠷᠢᠨ ᠭᠠᠵᠠᠷ ᠤᠨ ᠤᠷᠢᠯᠭ᠎ᠠ ᠪᠠᠷ  ᠭᠡᠷᠴᠢᠵᠦ ᠳᠠᠷᠢᠬᠤ ᠠᠷᠭ᠎ᠠ ᠮᠡᠷᠭᠡᠵᠢᠯ ᠤᠨ ᠲᠠᠯ᠎ᠠ ᠪᠠᠷ ᠵᠢᠭᠠᠨ ᠵᠢᠯᠤᠭᠤᠳᠴᠤ᠂ ᠰᠠᠨᠠᠯ ᠰᠠᠨᠠᠭᠤᠯᠭ᠎ᠠ ᠪᠠᠨ ᠲᠤᠷᠠᠳᠪᠠ᠃
 
ᠢᠷᠡᠯᠲᠡ᠄ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号