ᠬᠤᠰᠢᠭᠤ ᠤᠯᠠᠭᠠᠨᠮᠥ᠋ᠴᠢᠷ ᠤᠨ ᠬᠢᠨ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠎ ᠤᠨ ᠤᠬᠠᠭᠤᠯᠭ᠎ᠠ ᠶᠢᠨ ᠲᠣᠭᠯᠠᠯᠲᠠ ᠭᠠᠷᠭᠠᠭᠰᠠᠨ
ᠨᠡᠶᠢᠲᠡᠯᠡᠭᠰᠡᠨ ᠴᠠᠭ᠄
2024/4/16
  ᠠᠷᠠᠳ ᠢᠷᠭᠡᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠣᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 15᠎ ᠤ ᠡᠳᠦᠷ ᠲᠠᠶᠢᠹᠤᠰᠧ ᠬᠤᠰᠢᠭᠤᠨ ᠤ ᠤᠯᠠᠭᠠᠨᠮᠥ᠋ᠴᠢᠷ ᠨᠢ  ︽ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠎ ᠤᠨ ᠤᠬᠠᠭᠤᠯᠭ᠎ᠠ ᠶᠢᠨ ᠲᠣᠭᠯᠠᠯᠲᠠ ᠭᠠᠷᠭᠠᠭᠰᠠᠨ ᠪᠠᠶᠢᠨ᠎ᠠ᠃ ᠠᠬᠤᠢ ᠲᠠᠯᠠᠪᠠᠢ ᠳᠤ᠂ ᠤᠯᠠᠭᠠᠨᠮᠥ᠋ᠴᠢᠷ ᠤᠨ ᠲᠤᠬᠯᠠᠭᠴᠢᠳ ᠎ ᠠᠴᠠ  ︽ᠠᠮᠤᠷ ᠲᠦᠪᠰᠢᠨ ᠪᠤᠯ ᠠᠵᠠ ᠵᠢᠷᠭᠠᠯ︾ ᠭᠡᠳᠡᠭ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ  ᠂ ᠠᠮᠤᠷ ᠲᠦᠪᠰᠢᠨ ᠤ ᠡᠳᠦᠷ ᠤᠨ ᠭᠤᠣᠯ ᠰᠡᠳᠦᠪᠲᠦ ᠳᠠᠭᠤᠤ ︽ᠠᠮᠤᠷ ᠲᠦᠪᠰᠢᠨ ᠢ ᠢᠮᠠᠭᠳᠠ ᠠᠩᠬᠠᠷᠤᠶ᠎ᠠ︾᠂ ᠮᠣᠷᠢᠨ ᠬᠤᠭᠤᠷ ᠤᠨ  ᠬᠠᠮᠳᠤᠷᠠᠯ ᠬᠦᠭᠵᠢᠮ ︽ᠠᠵᠢᠨᠠᠢ ᠬᠦᠯᠦᠭ︾  ᠵᠢᠴᠢ ︽ᠨᠡᠷᠡᠨ ᠵᠦᠭ︾᠂ ︽ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠶ᠎ᠠ︾ ᠵᠡᠷᠭᠡ ᠲᠠᠭᠤᠤ ᠪᠦᠵᠢᠭ ᠤᠨ ᠭᠤᠴᠤ ᠲᠣᠭᠯᠠᠯᠲᠠ ᠶᠢ ᠰᠤᠨᠢᠷᠬᠠᠭᠤᠯᠵᠠᠢ᠃  ᠡᠨᠡ  ᠤᠳᠠᠭᠠᠨ ᠤ ᠠᠵᠢᠯᠯᠠᠭ᠎ᠠ ᠨᠢ ᠠᠮᠢᠳᠤᠯᠢᠭ  ᠰᠠᠶᠢᠬᠠᠨ ᠤᠷᠠᠯᠢᠭ ᠤᠨ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠤᠬᠠᠭᠤᠯᠤᠭᠠᠳ᠂ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠢ ᠳᠡᠭᠡᠭᠰᠢᠯᠡᠭᠦᠯᠵᠦ᠂  ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠢᠳᠡᠪᠬᠢᠵᠢᠯ ᠢ ᠲᠠᠶᠢᠴᠢᠯᠠᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠡᠬᠦᠷᠭᠡᠯᠡᠬᠦ᠂  ᠬᠥᠮᠥᠨ ᠪᠦᠬᠦᠨ ᠢᠳᠡᠪᠬᠢᠳᠡᠢ ᠣᠷᠣᠯᠴᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号