ᠲᠠᠶᠢᠹᠤᠰᠧ ᠬᠤᠰᠢᠭᠤ  ︽ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠎ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
   4 ᠰᠠᠷ᠎ᠠ ᠶᠢᠨ 15᠎ ᠤ ᠡᠳᠦᠷ᠂ ᠲᠠᠶᠢᠹᠤᠰᠧ ᠬᠤᠰᠢᠭᠤᠨ ᠤ ᠬᠢᠨ ᠶᠢᠰᠦᠳᠡᠬᠢ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ︾᠎ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠵᠡᠢ᠃  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ︽ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ︾᠎ ᠪᠠᠷ ᠭᠠᠷᠳᠠᠴᠠ ᠪᠤᠯᠭᠠᠨ᠂  ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠢᠳᠡᠪᠬᠢᠳᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠣᠶᠤᠨ ᠤᠬᠠᠭᠠᠨ ᠪᠠ ᠬᠦᠴᠦᠨ ᠴᠢᠳᠠᠯ ᠢ ᠤᠯᠠᠮ  ᠨᠢᠬᠳᠠᠷᠠᠭᠤᠯᠤᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠪᠠ᠃  ᠠᠵᠢᠯᠯᠠᠭᠠᠨ ᠤ ᠠᠬᠤᠢ ᠲᠠᠯᠠᠪᠠᠶ ᠳᠤ᠂ ᠦᠵᠡᠬᠦᠯᠬᠡ ᠶᠢᠨ ᠰᠠᠮᠪᠠᠷ᠎ᠠ  ᠪᠤᠰᠬᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠮᠠᠳᠠᠭ ᠲᠠᠢ ᠠᠰᠠᠭᠤᠳᠠᠯ ᠳᠤ ᠬᠠᠷᠢᠭᠤᠯᠳᠠ ᠦᠭᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠴᠢᠨᠠᠷ᠂  ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠢᠯᠭᠠᠨ ᠲᠠᠨᠢᠬᠤ ᠪᠠ ᠢᠯᠡᠴᠢᠯᠡᠨ ᠮᠡᠳᠡᠭᠦᠯᠬᠦ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂  ᠠᠬᠤᠢ ᠲᠠᠯᠠᠪᠠᠢ ᠶᠢᠨ ᠤᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠲᠤᠬᠠᠢ ᠨᠡᠩ ᠰᠢᠭᠤᠳ ᠪᠥᠭᠡᠳ ᠨᠡᠩ ᠭᠦᠨᠵᠡᠭᠡᠢ ᠣᠶᠢᠯᠠᠭᠠᠯᠲᠠ ᠲᠠᠨᠢᠯᠳᠠ ᠲᠠᠢ  ᠪᠤᠯᠭᠠᠭᠰᠠᠨ ᠪᠠᠶᠢᠨ᠎ᠠ᠃  ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠠᠳ᠂ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠬᠤ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠵᠠᠢ᠃ ᠬᠤᠰᠢᠭᠤᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号