ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ︵ᠥᠷᠭᠡᠳᠬᠡᠭᠰᠡᠨ︶᠎ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/16
  4 ᠰᠠᠷ᠎ᠠ ᠶᠢᠨ 15᠎ ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 93 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ  ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠡᠵᠡᠮᠳᠡᠨ᠂ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠦᠨᠡᠨᠬᠦ ᠴᠢᠩᠭᠠᠳᠬᠠᠵᠤ᠂  ᠲᠤᠤᠱᠳᠠᠢ ᠰᠤᠷᠤᠯᠴᠠᠵᠤ ᠨᠡᠪᠲᠡᠷᠡᠲᠡᠯ᠎ᠡ ᠤᠶᠢᠯᠠᠭᠠᠨ᠂ ᠠᠯᠳᠠᠭ᠎ᠠ ᠪᠤᠷᠤᠭᠤ ᠪᠠᠨ ᠬᠠᠷᠢᠴᠠᠭᠤᠯᠤᠨ ᠵᠠᠯᠠᠷᠠᠭᠤᠯᠵᠤ᠂  ᠤᠪᠤᠷ ᠰᠤᠷᠲᠠᠯ ᠢᠶᠠᠨ ᠬᠤᠪᠢᠷᠠᠭᠤᠯᠤᠨ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨᠡᠨ ᠪᠤᠳᠠᠳᠠᠢ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠠᠲᠤ ᠡᠵᠡᠮᠳᠡᠨ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠨ ᠬᠢᠬᠦ ᠪᠠ ᠪᠠ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠬᠦᠷᠬᠦ︾ ᠲᠡᠮᠡᠴᠡᠯ ᠤᠨ ᠬᠠᠷᠠᠯᠲᠠ ᠶᠢ ᠴᠢᠨᠠᠷ ᠰᠠᠶᠢᠲᠠᠢ ᠪᠡᠶᠡᠯᠡᠬᠦᠯᠦᠨ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠵᠤ᠂  ᠲᠠᠶᠢᠹᠤᠰᠧ ᠬᠤᠰᠢᠭᠤᠨ ᠤ ᠥᠭᠡᠷᠡᠴᠢᠯᠡᠯᠲᠡ᠂ ᠬᠥᠭᠵᠢᠯᠲᠡ᠂ ᠲᠣᠭᠲᠠᠭᠤᠨ ᠤ ᠶᠡᠭᠡ ᠲᠠᠯ᠎ᠠ ᠶᠢ ᠪᠥᠬᠦ ᠬᠦᠴᠦᠨ ᠢᠶᠠᠷ ᠰᠠᠶᠢᠲᠤᠷ ᠬᠠᠮᠠᠭᠠᠯᠠᠨ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠦᠨ ᠱᠤᠤ  ᠴᠧᠩ ᠱᠦᠵᠢ ᠶᠢᠨ 2024 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ ᠤᠨ ᠨᠢᠭᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ ᠨᠠᠷ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠤᠷᠪᠠᠳᠤᠭᠠᠷ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠰᠢᠶᠣᠣ ᠶᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号