ᠤᠯᠠᠭᠠᠢ ᠬᠠᠮᠢᠶᠠᠷᠤᠯᠲᠠ ᠶᠢᠨ ᠣᠷᠣᠨ ᠤ ᠬᠢᠨ ᠲᠠᠶᠢᠹᠤᠰᠧ ᠬᠤᠰᠢᠭᠤᠨ ᠳᠤ ᠢᠷᠡᠵᠦ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠯ᠎ᠠ
ᠨᠡᠶᠢᠲᠡᠯᠡᠭᠰᠡᠨ ᠴᠠᠭ᠄
2024/4/16
  4 ᠰᠠᠷ᠎ᠠ ᠶᠢᠨ 11 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭ᠎ᠠ ᠠᠪᠬᠤ ᠠᠯᠪᠠᠨ ᠭᠡᠷ ᠤᠨ ᠡᠷᠬᠢᠯᠡᠭᠴᠢ ᠯᠢᠦ ᠱᠧᠨ ᠹᠠ ᠵᠡᠷᠭᠡ ᠬᠦᠮᠦᠰ ᠲᠠᠶᠢᠹᠤᠰᠧ ᠬᠤᠰᠢᠭᠤᠨ ᠳᠤ ᠢᠷᠡᠵᠦ  ᠲᠦᠮᠦᠰᠦᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠠᠢ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠳᠡᠳ᠋ ᠡᠷᠬᠢᠯᠡᠭᠴᠢ ᠪᠠᠭᠠᠲᠤᠷ ᠵᠡᠷᠭᠡ ᠬᠥᠮᠥᠰ ᠤᠨ ᠪᠠᠷ᠎ᠠ ᠪᠤᠯᠤᠯᠭ᠎ᠠ ᠲᠠᠢ ᠪᠠᠷ ᠭᠧ ᠷᠦᠢ ᠳ᠋ᠧ ᠲᠥᠮᠥᠰᠥᠨ ᠤ ᠦᠢᠯᠡᠰ ᠤᠨ ᠬᠢᠵᠠᠭᠠᠷᠲᠤ ᠺᠣᠮᠫᠠᠨᠢ᠂ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠺᠠᠢ ᠳ᠋ᠠ ᠾᠧᠩ ᠶᠧ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠳᠤ ᠬᠦᠷᠴᠦ ᠲᠥᠮᠥᠰᠥᠨ ᠤ ᠦᠷ᠎ᠡ ᠪᠤᠶᠢᠵᠢᠭᠤᠯᠬᠤ᠂ ᠬᠥᠯᠳᠡᠭᠡᠵᠦ ᠬᠠᠳᠠᠭᠠᠯᠠᠬᠤ ᠪᠠ ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠬᠦᠯᠦᠯᠳᠡ ᠵᠡᠷᠭᠡ ᠲᠠᠯ᠎ᠠ ᠪᠠᠷ  ᠬᠢ ᠠᠷᠭ᠎ᠠ ᠲᠤᠷᠰᠢᠯᠭ᠎ᠠ ᠶᠢ ᠨᠠᠷᠢᠨ ᠣᠶᠢᠯᠠᠭᠠᠪᠠ᠃ ᠭᠧ ᠷᠦᠢ ᠳ᠋ᠧ ᠲᠥᠮᠥᠰᠥᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠦᠭᠡᠳ ᠠᠵᠤ ᠠᠬᠤᠶᠢᠯᠠᠯ ᠤᠨ ᠬᠠᠷᠢᠭᠤᠴᠠᠯᠭᠠᠳᠠᠨ ᠤ  ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠲᠠᠰᠤᠭ ᠪᠣᠯᠣᠨ ᠦᠢᠯᠡᠳᠪᠦᠷᠢᠯᠡᠯ ᠤᠨ ᠶᠠᠪᠤᠴᠠ ᠶᠢ ᠬᠠᠷᠠᠵᠤ ᠤᠶᠢᠯᠠᠭᠠᠨ᠂  ᠳ᠋ᠠ ᠭᠧ ᠳ᠋ᠦᠩ ᠲᠣᠰᠬᠤᠨ ᠳᠤ ᠲᠦᠮᠦᠰᠦᠨ ᠤ ᠦᠢᠯᠡᠳᠪᠦᠷᠢᠯᠡᠯ᠂ ᠬᠠᠳᠠᠭᠠᠯᠠᠯᠲᠠ ᠵᠢᠴᠢ ᠲᠤᠬᠠᠢ ᠶᠢᠨ ᠭᠠᠵᠠᠷ ᠤᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ ᠪᠠᠶᠢᠳᠠᠯ ᠢ ᠤᠶᠢᠯᠠᠭᠠᠵᠤ᠂  ᠺᠠᠢ ᠳ᠋ᠠ ᠾᠧᠩ ᠶᠧ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠦᠭᠰᠡᠨ ᠤ ᠲᠠᠷᠠᠭ᠎ᠠ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠨᠢ ᠰᠣᠨᠣᠰᠴᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号