ᠲᠠᠶᠢᠹᠤᠰᠧ ᠬᠤᠰᠢᠭᠤ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠦᠷᠨᠢᠬᠦᠯᠪᠡ
ᠨᠡᠶᠢᠲᠡᠯᠡᠭᠰᠡᠨ ᠴᠠᠭ᠄
2024/4/16
  ᠬᠠᠪᠤᠷ ᠤᠨ ᠤᠯᠠᠷᠢᠯ ᠪᠣᠯ ᠲᠠᠯ᠎ᠠ ᠨᠤᠲᠤᠭ ᠤᠨ ᠬᠤᠯᠤᠭᠠᠨ᠎ᠠ ᠶᠢᠨ ᠲᠥᠷᠥᠯ ᠤᠨ ᠦᠷᠡᠵᠢᠵᠦ ᠦᠰᠬᠦ ᠣᠷᠭᠢᠯ ᠬᠤᠭᠤᠴᠠᠭ᠎ᠠ᠂ ᠮᠥᠨ ᠴᠦ ᠬᠤᠯᠤᠭᠠᠨ᠎ᠠ ᠤᠰᠠᠳᠬᠠᠬᠤ ᠠᠵᠢᠯ ᠢ ᠥᠷᠨᠢᠭᠦᠯᠬᠦ ᠬᠠᠮᠤᠭ ᠤᠨ ᠰᠠᠶᠢᠨ ᠴᠠᠭ ᠬᠤᠭᠤᠴᠠᠭ᠎ᠠ ᠪᠤᠯᠤᠨ᠎ᠠ᠂ ᠬᠤᠯᠤᠭᠠᠨ᠎ᠠ ᠶᠢᠨ ᠭᠠᠮᠰᠢᠭ ᠢ ᠴᠢᠩᠭ᠎ᠠ ᠡᠵᠡᠮᠳᠡᠨ᠂ ᠬᠤᠯᠤᠭᠠᠨ᠎ᠠ ᠶᠢᠨ ᠬᠢᠵᠢᠭ ᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠬᠢᠨ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠣᠬᠢᠷᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ᠂ 4 ᠰᠠᠷ᠎ᠠ ᠶᠢᠨ 11 ᠤ ᠡᠳᠦᠷ ᠠᠴᠠ ᠲᠠᠯ᠎ᠠ ᠨᠤᠲᠤᠭ ᠤᠨ ᠬᠤᠯᠤᠭᠠᠨ᠎ᠠ ᠤᠰᠠᠳᠬᠠᠬᠤ ᠠᠵᠢᠯ ᠢ ᠪᠥᠬᠦ ᠲᠠᠯ᠎ᠠ ᠪᠠᠷ ᠡᠮᠬᠢ ᠵᠢᠷᠤᠮ ᠲᠠᠢ ᠪᠠᠷ  ᠡᠬᠢᠯᠡᠬᠦᠯᠪᠡ᠃ ᠣᠶᠢᠯᠠᠭᠠᠭᠰᠠᠨ ᠢᠶᠠᠷ᠂ ᠡᠨᠡ ᠵᠢᠯ ᠤᠨ ᠬᠤᠯᠤᠭᠠᠨ᠎ᠠ ᠤᠰᠠᠳᠬᠠᠬᠤ ᠠᠵᠢᠯ ᠨᠢ ᠨᠢᠳᠤᠨᠤᠨ ᠤ ᠬᠢ ᠠᠴᠠ 10 ᠡᠳᠦᠷ ᠤᠷᠢᠳᠴᠢᠯᠠᠵᠤ᠂  ᠭᠤᠣᠯᠳᠠᠭᠤ ᠬᠦᠨᠪᠤᠯᠠᠭ ᠰᠤᠮᠤᠨ ᠤ ᠪᠦᠬᠦᠶᠢᠯᠡ ᠨᠤᠲᠤᠭ ᠪᠡᠯᠴᠢᠭᠡᠷ ᠢ ᠬᠠᠮᠤᠷᠴᠠᠢ᠃  ︽ᠡᠨᠡ ᠵᠢᠯ ᠤᠨ ᠠᠵᠢᠯ ᠡᠬᠦᠷᠭᠡ ᠪᠤᠯ ᠭᠤᠤᠯᠳᠠᠭᠤ ᠰᠢᠷ᠎ᠠ ᠬᠤᠯᠤᠭᠠᠨ᠎ᠠ ᠪᠠ ᠰᠣᠬᠤᠷ ᠨᠣᠮᠣᠨ ᠢ ᠤᠰᠠᠳᠬᠠᠨ᠎ᠠ᠂  ᠬᠤᠯᠤᠭᠠᠨ᠎ᠠ ᠤᠰᠠᠳᠬᠠᠬᠤ ᠲᠠᠯᠠᠪᠠᠶ 6 ᠲᠦᠮᠡᠨ ᠮᠦ ᠬᠢᠷᠢᠳᠡᠢ᠂  ᠪᠢᠳᠡ 4 ᠮᠡᠷᠭᠡᠵᠢᠯᠳᠡᠨ 15 ᠠᠵᠢᠯᠳᠠᠨ ᠪᠠ 4 ᠢᠵᠢ ᠲᠣᠮᠣ ᠬᠡᠯᠪᠡᠷᠢ ᠶᠢᠨ ᠮᠠᠰᠢᠨ ᠲᠦᠬᠦᠭᠡᠷᠦᠮᠵᠢ ᠶᠢ  ᠬᠤᠯᠤᠭᠠᠨ᠎ᠠ ᠤᠰᠠᠳᠬᠠᠤ ᠠᠵᠢᠯ ᠳᠤ ᠲᠤᠮᠢᠯᠠᠵᠠᠢ᠂ ᠠᠮᠤᠷ ᠲᠦᠪᠰᠢᠨ ᠢ ᠪᠠᠳᠤᠯᠠᠬᠤ ᠶᠢᠨ ᠲᠥᠯᠥᠭᠡ ᠠᠵᠢᠯᠳᠠᠳ ᠢ ᠵᠤᠬᠢᠶᠠᠨ ᠪᠠᠶᠢᠭᠤᠯᠵᠤ ᠲᠤᠰᠬᠠᠢ ᠪᠣᠯᠪᠠᠰᠤᠷᠠᠯ ᠡᠷᠬᠢᠯᠡᠭᠰᠡᠨ︾  ᠬᠡᠵᠦ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠳᠡᠳ᠋ ᠳᠠᠷᠤᠭ᠎ᠠ ᠱᠢ ᠸᠠᠨ ᠾᠧ ᠲᠠᠨᠢᠯᠴᠠᠭᠤᠯᠪᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ ᠬᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠠᠭ ᠢᠮᠠᠭᠲᠠ ᠠᠩᠬᠠᠷᠴᠤ᠂ ᠬᠢᠨᠠᠨ  ᠪᠠᠶᠢᠴᠠᠭᠠᠬᠤ ᠳᠠᠪᠲᠠᠮᠵᠢ ᠪᠠᠨ ᠨᠡᠮᠡᠭᠳᠡᠭᠦᠯᠦᠨ᠂ ᠬᠤᠯᠤᠭᠠᠨ᠎ᠠ ᠶᠢᠨ ᠭᠠᠮᠰᠢᠭ ᠤᠨ ᠡᠬᠦᠰᠦᠯ ᠬᠦᠭᠵᠢᠯ ᠤᠨ ᠪᠠᠶᠢᠳᠠᠯ ᠢ  ᠴᠠᠭ ᠲᠤᠬᠠᠢ ᠳᠤᠨᠢ ᠤᠶᠢᠯᠠᠭᠠᠨ᠂ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠣᠷᠣᠨ ᠪᠦᠰᠡ ᠳᠤ  ᠲᠣᠬᠢᠷᠠᠭᠤᠯᠤᠯᠲᠠ ᠬᠢᠵᠦ᠂ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠦᠨᠡᠨᠬᠦ ᠪᠠᠳᠤᠯᠠᠨ᠂  ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠠᠮᠵᠢᠯᠲᠠ ᠲᠠᠢ  ᠪᠡᠶᠡᠯᠡᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号