ᠬᠦᠨᠪᠤᠯᠠᠭ ᠰᠤᠮᠤ ᠠᠮᠤᠷ ᠠᠮᠤᠭᠤᠯᠠᠩ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠪᠠ ᠰᠠᠶᠢᠴᠤᠤᠯ ᠢ ᠬᠦᠬᠢᠬᠦᠯᠬᠦ ᠬᠤᠷᠠᠯ ᠬᠢᠭᠰᠡᠨ
ᠨᠡᠶᠢᠲᠡᠯᠡᠭᠰᠡᠨ ᠴᠠᠭ᠄
2024/4/16
  4 ᠰᠠᠷ᠎ᠠ ᠶᠢᠨ 12  ᠤᠨ ᠡᠳᠦᠷ᠂ ᠬᠦᠨᠪᠤᠯᠠᠭ ᠰᠤᠮᠤ ᠠᠮᠤᠷ ᠠᠮᠤᠭᠤᠯᠠᠩ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ 2023 ᠣᠨ ᠤ ᠲᠡᠷᠢᠭᠦᠨ ᠤ ᠨᠢᠬᠡᠴᠡ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠵᠤ᠂ ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠭᠠᠴᠠᠭᠠᠨ ᠤ ᠨᠠᠮ  ᠤᠨ ᠡᠬᠦᠷ ᠤᠨ ᠱᠦᠵᠢ ᠪᠠ ᠱᠠᠩᠨᠠᠯ ᠬᠦᠷᠳᠡᠭᠰᠡᠳ ᠬᠤᠷᠠᠯ ᠳᠤ ᠣᠷᠣᠯᠴᠠᠵᠠᠢ᠃ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠴᠠᠢ ᠸᠧᠨ ᠰᠢᠦᠢ ᠠᠴᠠ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠪᠠᠶᠢᠷᠢᠯᠠᠭᠤᠯᠤᠯᠲᠠ ᠶᠢ ᠤᠯᠠᠮᠵᠢᠯᠠᠵᠤ᠂ ᠠᠮᠤᠷ ᠠᠮᠤᠭᠤᠯᠠᠩ ᠲᠠᠶᠢᠹᠤᠰᠧ ᠬᠤᠰᠢᠭᠤᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠠᠷᠯᠠᠯ ᠢ ᠤᠩᠰᠢᠨ ᠨᠡᠶᠢᠳᠡᠯᠡᠭᠰᠡᠨ ᠪᠦᠭᠡᠳ 2023 ᠣᠨ ᠤ ᠪᠦᠬᠦ ᠰᠤᠮᠤᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠳᠤ ᠳ᠋ᠦᠩᠨᠡᠯᠳᠡ ᠬᠢᠵᠦ᠂ 2024 ᠣᠨ ᠤ ᠠᠮᠤᠷ ᠠᠮᠤᠭᠤᠯᠠᠩ ᠤᠨ ᠪᠠᠶᠢᠭᠤᠯᠤᠯᠲᠠ  ᠶᠢᠨ ᠠᠵᠢᠯ ᠳᠤ ᠪᠠᠶᠢᠷᠢᠯᠠᠭᠤᠯᠤᠯᠳᠠ ᠬᠢᠪᠡ᠃ ᠬᠤᠷᠠᠯ ᠳᠡᠭᠡᠷ᠎ᠡ ᠪᠠᠰᠠ 2023 ᠣᠨ ᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠨᠢᠬᠡᠴᠡ ᠬᠠᠮᠲᠤ ᠪᠣᠯᠣᠨ ᠬᠤᠪᠢ ᠬᠥᠮᠥᠨ ᠢ ᠰᠠᠶᠢᠰᠢᠶᠠᠨ ᠬᠦᠬᠢᠬᠦᠯᠦᠭᠰᠡᠨ ᠪᠠᠶᠢᠨ᠎ᠠ᠃  ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ ᠠᠴᠠ ᠱᠠᠩᠨᠠᠯ ᠬᠦᠷᠳᠡᠭᠰᠡᠳ ᠲᠤ ᠪᠠᠶᠠᠷ ᠬᠦᠷᠭᠡᠭᠰᠡᠨ ᠤ ᠬᠠᠮᠲᠤ  ᠠᠵᠢᠯ ᠦᠢᠯᠡᠰ ᠢᠶᠠᠨ ᠤᠯᠠᠮ ᠰᠠᠶᠢᠨ ᠦᠷᠨᠢᠬᠦᠯᠬᠦ  ᠲᠠᠯᠠᠪᠠᠷ ᠪᠤᠳᠠᠳᠠᠢ ᠱᠠᠭᠠᠷᠳᠠᠯᠭ᠎ᠠ ᠲᠤᠷᠠᠳᠪᠠ᠃ ᠲᠤᠬᠠᠶᠢᠯᠠᠪᠠᠯ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ  ᠴᠢᠩᠭᠠᠳᠬᠠᠨ᠂  ᠣᠯᠠᠨ ᠲᠦᠮᠡᠨ ᠳᠤ ᠦᠢᠯᠡᠴᠢᠯᠡᠬᠦ ︽ᠬᠥᠭᠦᠷᠭᠡ ᠬᠤᠯᠪᠣᠭᠠᠰᠤ︾   ᠶᠢᠨ ᠦᠢᠯᠡᠳᠦᠯ ᠢᠶᠠᠨ ᠪᠠᠳᠠᠷᠠᠭᠤᠯᠵᠤ᠂ ᠰᠤᠮᠤ ᠭᠠᠴᠠᠭᠠᠨ ᠤ ᠤᠳᠤᠷᠢᠳᠤᠯᠭ᠎ᠠ ᠳᠣᠣᠷ᠎ᠠ ᠠᠵᠢᠯ ᠦᠢᠯᠡᠰ ᠢᠶᠠᠨ ᠰᠠᠶᠢᠳᠤᠷ ᠦᠷᠨᠢᠬᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ︽ᠶᠡᠭᠡ ᠪᠠᠶᠢᠷᠢᠰᠢᠯ︾ ᠢ ᠠᠬᠢᠭᠤᠯᠬᠤ ᠬᠡᠷᠡᠭᠲᠡᠢ᠃  ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠦ᠂ ᠠᠷᠠᠳ ᠤᠨ ᠲᠥᠯᠥᠭᠡ ᠦᠢᠯᠡᠴᠢᠯᠡᠬᠦ ᠤᠬᠠᠮᠰᠠᠷ ᠢ ᠪᠠᠳᠤᠳᠬᠠᠨ᠂ ᠦᠨᠡᠨ ᠪᠤᠳᠠᠳᠠᠢ ᠦᠷ᠎ᠡ ᠪᠦᠲᠦᠮᠵᠢ ᠣᠯᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠵᠢᠯ ᠡᠭᠦᠷᠭᠡ ᠶᠢ ᠰᠠᠶᠢᠳᠤᠷ ᠪᠡᠶᠡᠯᠡᠬᠦᠯᠬᠦ ᠭᠡᠷᠡᠭᠳᠡᠢ᠃ ᠡᠨᠡ ᠤᠳᠠᠭᠠᠨ ᠤ ᠰᠢᠯᠭᠠᠷᠠᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠠᠴᠠ ᠬᠠᠮᠤᠭ ᠤᠨ ᠣᠶᠢᠷ᠎ᠠ ᠪᠠᠶᠢᠭ᠎ᠠ ᠳᠠᠪᠠᠭᠤᠯᠢᠭ ᠢᠶᠠᠨ ᠪᠠᠳᠠᠷᠠᠭᠤᠯᠤᠨ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠤᠯᠠᠮ ᠪᠠᠲᠤᠳᠬᠠᠵᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠪᠥᠬᠦ ᠬᠦᠴᠦᠨ ᠢᠶᠠᠷ ᠤᠶᠢᠯᠠᠭᠠᠵᠤ ᠦᠨᠡᠨ ᠪᠤᠳᠠᠳᠠᠢ ᠰᠢᠢᠳᠪᠦᠷᠢᠯᠡᠵᠦ ᠥᠭᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号