ᠬᠦᠨᠪᠤᠯᠠᠭ ᠰᠤᠮᠤ ︽ᠤᠯᠤᠰ ᠤᠨ ᠠᠮᠤᠷ ᠲᠦᠪᠰᠢᠨ ᠤ ᠬᠦᠮᠦᠵᠢᠯ ᠪᠠ ᠭᠠᠵᠢᠭᠤ ᠨᠣᠮᠯᠠᠯ ᠢ ᠰᠡᠷᠭᠡᠶᠢᠯᠡᠬᠦ ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
 4 ᠰᠠᠷ᠎ᠠ ᠶᠢᠨ 12 ᠤᠨ ᠡᠳᠦᠷ᠂ ᠬᠦᠨᠪᠤᠯᠠᠭ ᠰᠤᠮᠤ 2024 ᠣᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ  ᠤᠨ ᠬᠤᠷᠠᠯ ᠬᠤᠷᠠᠯᠳᠤᠭᠤᠯᠵᠤ᠂  ᠰᠤᠮᠤᠨ ᠤ ᠺᠠᠳ᠋ᠷ ᠠᠵᠢᠯᠲᠠᠨ᠂  ᠭᠠᠴᠠᠭᠠᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ᠂ ᠪᠦᠬᠦ ᠰᠤᠮᠤᠨ ᠤ ᠠᠮᠤᠷ ᠲᠣᠭᠲᠠᠭᠤᠨ ᠤ ᠪᠠᠶᠢᠳᠠᠯ ᠪᠠ ᠭᠠᠵᠢᠭᠤ ᠨᠣᠮᠯᠠᠯ ᠢ ᠡᠰᠡᠷᠭᠦᠴᠡᠬᠦ ᠪᠠᠶᠢᠳᠠᠯ ᠳᠤ ᠵᠠᠳᠠᠯᠤᠯᠲᠠ ᠬᠢᠭᠰᠡᠨ ᠪᠥᠭᠡᠳ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠬᠢᠨᠠᠮᠠᠭᠠᠢ ᠰᠠᠶᠢᠨ ᠬᠢᠵᠦ᠂ ᠠᠷᠠᠳ ᠤᠯᠠᠨ ᠤ ᠭᠠᠵᠢᠭᠤ ᠨᠣᠮᠯᠠᠯ ᠢ ᠢᠯᠭᠠᠨ ᠲᠠᠨᠢᠬᠤ᠂ ᠭᠠᠵᠢᠭᠤ ᠨᠣᠮᠯᠠᠯ ᠢ ᠰᠡᠷᠭᠡᠶᠢᠯᠡᠨ ᠬᠤᠷᠢᠭᠯᠠᠬᠤ ᠬᠢᠷᠢ ᠴᠢᠳᠠᠪᠤᠷᠢ ᠶᠢ ᠲᠠᠰᠤᠷᠠᠯᠳᠠ ᠦᠭᠡᠢ ᠨᠡᠮᠡᠭᠳᠡᠬᠦᠯᠬᠦ ᠭᠡᠷᠡᠭᠳᠡᠢ᠃ ︽ᠰᠡᠷᠭᠡᠶᠢᠯᠡᠬᠦ ᠪᠠᠷ ᠭᠤᠣᠯ ᠪᠣᠯᠭᠠᠬᠤ︾ ᠶᠢ ᠪᠠᠷᠢᠮᠳᠠᠯᠠᠵᠤ᠂ ᠤᠯᠠᠨ ᠲᠦᠮᠡᠨ ᠢ ᠲᠠᠶᠢᠴᠢᠯᠠᠨ ᠭᠠᠵᠢᠭᠤ ᠨᠣᠮᠯᠠᠯ ᠢ ᠡᠰᠡᠷᠬᠦᠴᠡᠬᠦ ᠠᠵᠢᠯ ᠳᠤ ᠢᠳᠡᠪᠬᠢᠲᠡᠢ ᠣᠷᠣᠯᠴᠠᠭᠤᠯᠵᠤ᠂ ᠭᠠᠵᠢᠭᠤ ᠨᠣᠮᠯᠠᠯ ᠢ ᠢᠯᠡᠴᠢᠯᠡᠨ ᠮᠡᠳᠡᠭᠦᠯᠬᠦ ᠠᠵᠢᠯ ᠳᠤ ᠢᠳᠡᠪᠬᠢᠳᠡᠢ ᠤᠷᠤᠯᠴᠠᠭᠤᠯᠬᠤ ᠭᠡᠷᠡᠭᠳᠡᠢ᠃ ᠬᠠᠤᠯᠢ ᠶᠣᠰᠣᠭᠠᠷ ᠴᠡᠭᠴᠡᠯᠡᠨ ᠵᠠᠰᠠᠬᠤ ᠶᠢ ᠪᠠᠷᠢᠮᠳᠠᠯᠠᠵᠤ᠂ ᠭᠠᠵᠢᠭᠤ ᠨᠣᠮᠯᠠᠯ ᠳᠤ ᠴᠢᠩᠭ᠎ᠠ ᠴᠣᠬᠢᠯᠲᠠ ᠥᠭᠴᠦ ᠬᠦᠴᠦᠲᠡᠢ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠳᠠᠯᠠᠨ᠂ ᠬᠠᠷᠢᠶ᠎ᠠ ᠣᠷᠣᠨ ᠤ ᠪᠠᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠦᠨᠡᠨᠬᠦ ᠰᠠᠶᠢᠨ ᠬᠢᠵᠦ᠂ ᠠᠷᠠᠳ ᠤᠯᠠᠨ ᠤ ᠵᠣᠯ ᠵᠢᠷᠭᠠᠯ ᠤᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠨᠡᠮᠡᠭᠳᠡᠬᠦᠯᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ 4 ᠰᠠᠷ᠎ᠠ ᠶᠢᠨ 15 ᠤ ᠡᠳᠦᠷ᠂ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠬᠦᠷᠴᠦ ᠢᠷᠡᠬᠦ ᠲᠠᠰᠢᠷᠠᠮ ᠳᠤ᠂  ᠰᠤᠮᠤᠨ ᠤ ᠺᠠᠳ᠋ᠷ ᠠᠵᠢᠯᠲᠠᠳ ᠡᠯ᠎ᠡ ᠭᠠᠴᠠᠭᠠᠨ ᠳᠤ ᠬᠦᠨᠵᠡᠬᠡᠶᠢᠷᠡᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠬᠡᠯᠪᠡᠷᠢ ᠪᠠᠷ ᠮᠠᠯᠴᠢᠨ ᠲᠦᠮᠡᠨ ᠳᠤ ᠬᠠᠮᠢᠶ᠎ᠠ ᠪᠦᠬᠦᠢ ᠤᠯᠤᠰ ᠤᠨ ᠠᠮᠤᠷ ᠲᠦᠪᠰᠢᠨ ᠪᠠ ᠭᠠᠵᠢᠭᠤ ᠨᠣᠮᠯᠠᠯ ᠢ ᠡᠰᠡᠷᠭᠦᠴᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠠᠵᠢᠭᠤ ᠨᠣᠮᠯᠠᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠭᠠᠵᠢᠭᠤ ᠨᠣᠮᠯᠠᠯ ᠢ ᠲᠠᠨᠢᠬᠤ᠂ ᠭᠠᠵᠢᠭᠤ ᠨᠣᠮᠯᠠᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠲᠡᠪᠴᠢᠬᠦ᠂ ᠭᠠᠵᠢᠭᠤ ᠨᠣᠮᠯᠠᠯ ᠢ ᠡᠰᠡᠷᠭᠦᠴᠡᠬᠦ ᠦᠵᠡᠯ ᠤᠬᠠᠮᠰᠠᠷ ᠢ ᠨᠢ ᠴᠢᠩᠭᠠᠳᠬᠠᠪᠠ᠃ ᠡᠭᠦᠨ ᠤ ᠬᠠᠮᠳᠤ᠂  ᠬᠥᠮᠥᠨ ᠤᠯᠠᠨᠳᠠᠢ ᠭᠠᠵᠠᠷ ᠣᠷᠣᠨ ᠳᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠲᠤᠬᠠᠢ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠠᠯᠪᠠᠨ ᠵᠠᠷᠯᠠᠯ ᠢ ᠨᠠᠭᠠᠵᠤ᠂ ᠭᠠᠵᠢᠭᠤ ᠨᠣᠮᠯᠠᠯ ᠤᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠢᠳᠡᠪᠬᠢᠵᠢᠯ ᠢ ᠲᠠᠶᠢᠴᠢᠯᠠᠨ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠡᠶ᠎ᠡ ᠵᠣᠬᠢᠴᠠᠯ ᠠᠮᠤᠷ ᠲᠣᠭᠲᠠᠭᠤᠨ  ᠢ ᠬᠠᠮᠲᠤ ᠪᠠᠷ ᠬᠠᠮᠠᠭᠠᠯᠠᠬᠤ ᠶᠢ ᠤᠷᠢᠶᠠᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号