ᠲᠠᠶᠢᠹᠤᠰᠧ ᠬᠤᠰᠢᠭᠤ ᠡᠮᠡᠭᠳᠡᠶᠢᠴᠤᠳ ᠬᠡᠦᠭᠡᠳ ᠪᠠᠭᠠᠴᠤᠳ ᠤᠨ ᠡᠷᠭᠡ ᠠᠰᠢᠭ ᠢ ᠬᠠᠮᠠᠭᠠᠯᠠᠬᠤ ᠭᠤᠣᠯ ᠰᠡᠳᠦᠪᠲᠦ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2024/4/17
  4 ᠰᠠᠷ᠎ᠠ ᠶᠢᠨ 16᠎ ᠤ ᠡᠳᠦᠷ᠂ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠬᠢᠨ ᠬᠤᠰᠢᠭᠤᠨ ᠤ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠲᠠᠢ ᠬᠠᠮᠲᠤᠷᠠᠨ ︽ᠰᠢᠭᠦᠬᠦ ᠬᠤᠷᠢᠶ᠎ᠠ + ᠪᠠᠶᠢᠴᠠᠭᠠᠬᠤ ᠬᠤᠷᠢᠶ᠎ᠠ + ᠡᠮᠡᠭᠲᠡᠶᠢᠴᠦᠳ ᠤᠨ ᠬᠤᠯᠪᠣᠭ᠎ᠠ︾᠎ ᠶᠢᠨ ᠬᠠᠮᠲᠤᠷᠠᠯ ᠤᠨ ᠬᠦᠴᠦᠨ ᠢ ᠨᠢᠬᠳᠠᠷᠠᠭᠤᠯᠵᠤ᠂ ᠡᠮᠡᠭᠳᠡᠶᠢᠴᠤᠳ ᠬᠡᠦᠬᠡᠳ ᠪᠠᠭᠠᠴᠤᠳ ᠤᠨ ᠡᠷᠭᠡ ᠠᠰᠢᠭ ᠢ  ᠰᠡᠳᠬᠢᠯ ᠨᠢᠬᠡᠳᠦᠨ ᠬᠠᠮᠠᠭᠠᠯᠠᠬᠤ ᠭᠤᠣᠯ ᠰᠡᠳᠦᠪᠲᠦ ᠠᠵᠢᠯᠯᠠᠭ᠎ᠠ ᠦᠷᠨᠢᠬᠦᠯᠵᠦ᠂    ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂  ᠰᠤᠮᠤ ᠰᠢᠶᠠᠩ ᠪᠠᠯᠭᠠᠰᠤᠨ ︵ᠨᠡᠶᠢᠭᠡᠮ ᠲᠣᠭᠤᠷᠢᠭ︶᠎ ᠤ ᠡᠮᠡᠭᠲᠡᠶᠢᠴᠦᠳ ᠤᠨ ᠬᠤᠯᠪᠤᠭᠠᠨ ᠤ ᠺᠠᠳ᠋ᠷ᠂ ᠤᠷᠤᠭ ᠤᠨ ᠶᠠᠪᠤᠳᠠᠯ ᠢ ᠡᠶᠡᠳᠡᠭᠦᠯᠬᠦ ᠲᠠᠰᠤᠭ ᠤᠨ ᠬᠠᠷᠢᠭᠤᠴᠠᠯᠭᠠᠲᠠᠨ᠂ ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠦᠯᠬᠦᠮ ᠤᠨ ᠭᠡᠰᠢᠬᠦᠨ᠂  ᠡᠮᠡᠭᠳᠡᠢ ᠰᠠᠶᠢᠨ ᠳᠤᠷ᠎ᠠ ᠶᠢᠨ ᠦᠢᠯᠡᠴᠢᠯᠡᠭᠴᠢ᠂ ᠪᠠᠭ᠎ᠠ ᠰᠤᠷᠭᠠᠭᠤᠯᠢ ᠶᠢᠨ ᠰᠤᠷᠤᠭᠴᠢ ᠵᠡᠷᠭᠡ 49 ᠬᠥᠮᠥᠨ ᠠᠵᠢᠯᠯᠠᠭ᠎ᠠ  ᠎ ᠳᠤ ᠤᠷᠤᠯᠴᠠᠵᠠᠢ᠃  ᠤᠯᠠᠨ ᠢᠶᠠᠷ ᠢᠶᠠᠨ ᠪᠠᠶᠢᠴᠠᠭᠠᠬᠤ ᠬᠤᠷᠢᠶᠠᠨ ᠤ ︽12309︾ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠲᠢᠩᠬᠢᠮ᠂ ᠪᠠᠭᠤᠷᠠᠶᠢᠴᠤᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠷᠢ᠂ ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ ᠠᠵᠢᠯ ᠤᠨ ᠲᠠᠰᠤᠭ᠂  ᠬᠤᠷᠢᠶᠠᠨ ᠤ ᠲᠡᠦᠬᠡ ᠶᠢᠨ ᠲᠠᠰᠤᠭ ᠵᠢᠴᠢ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠲᠥᠪ᠂ ᠭᠡᠷ ᠤᠨ ᠶᠠᠪᠤᠳᠠᠯ ᠤᠨ ᠰᠢᠭᠦᠬᠦ ᠲᠢᠩᠬᠢᠮ᠂ ᠵᠠᠯᠠᠭᠤᠴᠤᠳ ᠪᠠᠭᠠᠴᠤᠳ ᠤᠨ ᠰᠢᠭᠦᠬᠦ ᠲᠢᠩᠬᠢᠮ ᠵᠡᠷᠭᠡ ᠶᠢᠰᠦᠨ ᠰᠢᠭᠦᠬᠦ ᠲᠢᠩᠬᠢᠮ ᠪᠠ ᠴᠠᠭᠳᠠᠭᠠᠨ ᠤ ᠲᠣᠨᠣᠭᠯᠠᠯ ᠤᠨ ᠲᠠᠰᠤᠭ ᠵᠡᠷᠭᠡ ᠶᠢ ᠲᠣᠭᠤᠷᠢᠨ ᠦᠵᠡᠭᠰᠡᠨ ᠪᠦᠭᠡᠳ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠬᠠᠮᠠᠭᠠᠯᠠᠬᠤ  ᠲᠤᠬᠠᠢ ᠤᠬᠠᠭᠤᠯᠭ᠎ᠠ ᠶᠢᠨ ᠹᠢᠯᠢᠮ ᠢ ᠦᠵᠡᠵᠦ᠂ ᠠᠵᠢᠯᠲᠠᠨ ᠤ ᠲᠠᠶᠢᠯᠪᠤᠷᠢᠯᠠᠯ ᠲᠠᠨᠢᠯᠴᠠᠭᠤᠯᠭ᠎ᠠ ᠪᠠᠷ ᠳᠡᠮᠵᠢᠨ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠡᠭᠦᠷᠭᠡ ᠴᠢᠳᠠᠪᠤᠷᠢ ᠶᠢ ᠪᠥᠬᠦ ᠲᠠᠯ᠎ᠠ ᠪᠠᠷ ᠤᠶᠢᠯᠠᠭᠠᠭᠰᠠᠨ ᠪᠠᠶᠢᠨ᠎ᠠ᠃ ᠶᠠᠷᠢᠯᠴᠠᠬᠤ ᠬᠤᠷᠠᠯ ᠳᠡᠭᠡᠷ᠎ᠡ᠂ ᠤᠯᠠᠨ ᠢᠶᠠᠷ ᠢᠶᠠᠨ ᠦᠪᠡᠷ ᠦᠪᠡᠷ ᠤᠨ ᠠᠵᠢᠯ ᠡᠭᠦᠷᠭᠡ ᠪᠣᠯᠣᠨ ᠦᠢᠯᠡᠳᠦᠯᠭᠡ ᠲᠤᠷᠰᠢᠯᠭ᠎ᠠ ᠲᠠᠢ ᠪᠠᠨ ᠤᠶᠠᠯᠳᠤᠭᠤᠯᠵᠤ ᠰᠠᠨᠠᠯ ᠢᠶᠠᠨ ᠰᠤᠯᠢᠯᠴᠠᠨ᠂ ᠡᠮᠡᠭᠲᠡᠶᠢᠴᠦᠳ ᠬᠡᠦᠬᠡᠳ ᠪᠠᠭᠠᠴᠤᠳ ᠲᠤ ᠬᠤᠯᠪᠤᠭᠳᠠᠭᠰᠠᠨ ᠬᠠᠤᠯᠢ ᠲᠦᠷᠢᠮ ᠢ ᠨᠠᠶᠢᠳᠠᠪᠤᠷᠢᠵᠢᠭᠤᠯᠬᠤ᠂ ᠬᠦᠴᠦᠷᠬᠡᠭᠯᠡᠯ ᠢ ᠡᠰᠡᠷᠭᠦᠴᠡᠬᠦ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠬᠤ᠂ ᠬᠠᠤᠯᠢ ᠴᠠᠭᠠᠵᠠ ᠶᠢᠨ ᠲᠤᠰᠠᠯᠠᠮᠵᠢ ᠪᠣᠯᠣᠨ ᠡᠷᠬᠡ ᠠᠰᠢᠭ ᠬᠠᠮᠠᠭᠠᠯᠠᠬᠤ ᠦᠢᠯᠡᠴᠢᠯᠡᠭᠡ ᠶᠢ ᠴᠢᠩᠭᠠᠳᠬᠠᠬᠤ ᠵᠡᠷᠭᠡ ᠠᠯᠢ ᠤᠯᠠᠨ ᠠᠰᠠᠭᠤᠳᠠᠯ ᠤᠨ ᠲᠤᠭᠤᠷᠢᠨ ᠳᠤ ᠰᠠᠨᠠᠯ ᠰᠠᠨᠠᠭᠤᠯᠭ᠎ᠠ ᠪᠠᠨ ᠳᠤᠷᠠᠳᠴᠠᠢ᠃ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ ᠬᠠᠤᠯᠢ ᠲᠦᠷᠢᠮ ᠤᠨ  ᠲᠤᠬᠠᠢ ᠮᠡᠳᠡᠯᠭᠡ ᠎ ᠪᠠᠨ ᠨᠡᠮᠡᠭᠳᠡᠬᠦᠯᠵᠦ᠂ ᠬᠠᠤᠯᠢ ᠲᠦᠷᠢᠮ ᠤᠨ ᠦᠵᠡᠯ ᠤᠬᠠᠮᠰᠠᠷ ᠢᠶᠠᠨ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠢᠷᠢ ᠴᠢᠳᠠᠪᠤᠷᠢ ᠪᠠᠨ  ᠲᠡᠭᠡᠭᠰᠢᠯᠡᠬᠦᠯᠦᠯ᠎ᠡ ᠬᠡᠵᠦ  ᠠᠵᠢᠯᠯᠠᠭ᠎ᠠ ᠳᠤ ᠤᠷᠤᠯᠴᠠᠭᠰᠠᠳ ᠢᠯᠡᠷᠬᠡᠶᠢᠯᠡᠵᠡᠭᠡᠨ᠎ᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号