4 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠤᠯᠠᠭᠠᠨᠮᠥ᠋ᠴᠢᠷ᠂ ᠬᠤᠨ ᠭᠠᠯᠠᠭᠤ ᠬᠠᠶᠢᠷ᠎ᠠ ᠬᠠᠯᠠᠮᠵᠢ ᠶᠢᠨ | ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ︽ᠬᠠᠯᠠᠮᠵᠢ ᠬᠠᠶᠢᠷ᠎ᠠ ᠪᠠᠷ ᠬᠡᠦᠭᠡᠳ ᠢ ᠪᠠᠶᠠᠷᠯᠠᠭᠤᠯᠵᠤ᠂ ᠦᠨᠡᠨᠴᠢ | ᠢᠳᠡᠭᠡᠮᠵᠢ ᠪᠠᠷ ᠬᠡᠦᠭᠡᠳ ᠢ ᠬᠦᠮᠦᠵᠢᠬᠦᠯᠬᠦ︾ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠲᠠᠶᠢᠹᠤᠰᠧ ᠬᠤᠰᠢᠭᠤᠨ ᠤ | ᠴᠢᠶᠠᠨ ᠶᠢᠨ ᠭᠧᠦ ᠪᠠᠭ᠎ᠠ ᠰᠤᠷᠭᠠᠭᠤᠯᠢ ᠳᠤ ᠶᠠᠪᠤᠭᠳᠠᠪᠠ᠃ ᠠᠵᠢᠯᠯᠠᠭᠠᠨ ᠤ ᠲᠤᠮᠳᠠ᠂ ᠴᠢᠶᠠᠨ ᠶᠢᠨ ᠭᠧᠦ ᠪᠠᠭ᠎ᠠ | ᠰᠤᠷᠭᠠᠭᠤᠯᠢ ᠶᠢᠨ ᠪᠠᠭᠰᠢ ᠠᠴᠠ ︽ᠦᠨᠡᠨᠴᠢ ᠢᠲᠡᠭᠡᠮᠵᠢ ᠬᠠᠮᠤᠭ ᠠᠴᠠ ᠴᠢᠬᠤᠯᠠ︾ ᠬᠡᠮᠡᠬᠦ ᠭᠤᠣᠯ ᠰᠡᠳᠦᠪ ᠢᠶᠠᠷ ᠶᠣᠰᠣ | ᠰᠤᠷᠲᠠᠬᠤᠨ ᠪᠠ ᠬᠠᠤᠯᠢᠵᠢᠯ ᠤᠨ ᠬᠢᠴᠢᠶᠡᠯ ᠵᠢᠭᠠᠵᠤ᠂ ᠰᠤᠷᠤᠭᠴᠢᠳ ᠲᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ | ᠲᠠᠨᠢᠭᠤᠯᠤᠨ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠨ | ᠭᠠᠯᠠᠭᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠠᠴᠠ ᠰᠤᠷᠤᠭᠴᠢᠳ ᠲᠤ ᠬᠥᠯ ᠪᠥᠮᠪᠦᠭᠡ᠂ ᠪᠣᠯᠣᠳ ᠪᠢᠷ᠂ ᠤᠰᠤᠨ ᠤ ᠴᠣᠮᠣ | ᠂ ᠨᠣᠮ ᠪᠢᠴᠢᠭ ᠵᠡᠷᠭᠡ ᠡᠳ᠋ ᠭᠡᠷᠡᠭᠰᠡᠯ ᠢ ᠬᠠᠨᠳᠢᠪᠯᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠤᠷᠤᠭᠴᠢᠳ ᠤᠨ ᠦᠰᠦ | ᠬᠡᠵᠢᠭᠡ ᠶᠢ ᠵᠠᠰᠠᠵᠤ ᠦᠭᠬᠦᠭᠰᠡᠨ ᠪᠦᠭᠡᠳ ᠤᠯᠠᠭᠠᠨᠮᠥ᠋ᠴᠢᠷ ᠤᠨ ᠲᠤᠭᠯᠠᠭᠴᠢᠳ ᠤᠷᠠᠨ ᠭᠤᠴᠤ ᠲᠣᠭᠯᠠᠯᠲᠠ ᠭᠠᠷᠭᠠᠬᠤ ᠶᠢᠨ | ᠲᠠᠭᠠᠤ ᠰᠤᠷᠤᠭᠴᠢᠳ ᠲᠤ ᠲᠠᠭᠤᠤ ᠪᠦᠵᠢᠭ ᠵᠢᠭᠠᠵᠤ ᠦᠭᠬᠦᠭᠡᠳ ᠰᠤᠷᠭᠠᠭᠤᠯᠢ ᠶᠢᠨ ᠬᠦᠷᠢᠶ᠎ᠡ ᠪᠠᠶᠠᠷ ᠬᠦᠷ ᠢᠶᠠᠷ | ᠪᠢᠯᠬᠠᠭᠰᠠᠨ ᠪᠠᠶᠢᠯ᠎ᠠ᠃ | | | | | | | | | | | | | | |