ᠪᠠᠭᠠᠴᠤᠳ ᠬᠡᠦᠬᠡᠳ ᠢ ᠪᠠᠶᠠᠷᠯᠠᠭᠤᠯᠤᠭᠰᠠᠨ ᠪᠠᠭ᠋ᠠᠳᠤᠮ᠎ᠠ ᠰᠠᠶᠢᠬᠠᠨ ᠠᠵᠢᠯᠯᠠᠭ᠎ᠠ
ᠨᠡᠶᠢᠲᠡᠯᠡᠭᠰᠡᠨ ᠴᠠᠭ᠄
2024/4/17
  4 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠤᠯᠠᠭᠠᠨᠮᠥ᠋ᠴᠢᠷ᠂ ᠬᠤᠨ ᠭᠠᠯᠠᠭᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠠᠴᠠ ᠬᠠᠮᠲᠤᠷᠠᠨ ᠡᠷᠬᠢᠯᠡᠭᠰᠡᠨ ︽ᠬᠠᠯᠠᠮᠵᠢ ᠬᠠᠶᠢᠷ᠎ᠠ ᠪᠠᠷ ᠬᠡᠦᠭᠡᠳ ᠢ ᠪᠠᠶᠠᠷᠯᠠᠭᠤᠯᠵᠤ᠂ ᠦᠨᠡᠨᠴᠢ ᠢᠳᠡᠭᠡᠮᠵᠢ ᠪᠠᠷ ᠬᠡᠦᠭᠡᠳ ᠢ ᠬᠦᠮᠦᠵᠢᠬᠦᠯᠬᠦ︾  ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠭ᠎ᠠ ᠰᠤᠷᠭᠠᠭᠤᠯᠢ ᠳᠤ ᠶᠠᠪᠤᠭᠳᠠᠪᠠ᠃  ᠠᠵᠢᠯᠯᠠᠭᠠᠨ ᠤ ᠲᠤᠮᠳᠠ᠂ ᠴᠢᠶᠠᠨ ᠶᠢᠨ ᠭᠧᠦ ᠪᠠᠭ᠎ᠠ ᠰᠤᠷᠭᠠᠭᠤᠯᠢ ᠶᠢᠨ ᠪᠠᠭᠰᠢ ᠠᠴᠠ ︽ᠦᠨᠡᠨᠴᠢ ᠢᠲᠡᠭᠡᠮᠵᠢ ᠬᠠᠮᠤᠭ ᠠᠴᠠ ᠴᠢᠬᠤᠯᠠ︾  ᠬᠡᠮᠡᠬᠦ ᠭᠤᠣᠯ ᠰᠡᠳᠦᠪ ᠢᠶᠠᠷ ᠶᠣᠰᠣ ᠰᠤᠷᠲᠠᠬᠤᠨ ᠪᠠ ᠬᠠᠤᠯᠢᠵᠢᠯ ᠤᠨ ᠬᠢᠴᠢᠶᠡᠯ ᠵᠢᠭᠠᠵᠤ᠂ ᠰᠤᠷᠤᠭᠴᠢᠳ ᠲᠤ ᠦᠨᠡᠨᠴᠢ ᠢᠲᠡᠭᠡᠮᠵᠢ ᠶᠢᠨ ᠴᠢᠬᠤᠯᠠ ᠴᠢᠨᠠᠷ ᠢ ᠲᠠᠨᠢᠭᠤᠯᠤᠨ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠨ ᠭᠠᠯᠠᠭᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠠᠴᠠ ᠰᠤᠷᠤᠭᠴᠢᠳ ᠲᠤ ᠬᠥᠯ ᠪᠥᠮᠪᠦᠭᠡ᠂ ᠪᠣᠯᠣᠳ ᠪᠢᠷ᠂ ᠤᠰᠤᠨ ᠤ ᠴᠣᠮᠣ᠂ ᠨᠣᠮ ᠪᠢᠴᠢᠭ ᠵᠡᠷᠭᠡ ᠡᠳ᠋ ᠭᠡᠷᠡᠭᠰᠡᠯ ᠢ ᠬᠠᠨᠳᠢᠪᠯᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠤᠷᠤᠭᠴᠢᠳ ᠤᠨ ᠦᠰᠦ ᠬᠡᠵᠢᠭᠡ ᠶᠢ ᠵᠠᠰᠠᠵᠤ ᠦᠭᠬᠦᠭᠰᠡᠨ ᠪᠦᠭᠡᠳ ᠤᠯᠠᠭᠠᠨᠮᠥ᠋ᠴᠢᠷ ᠤᠨ ᠲᠤᠭᠯᠠᠭᠴᠢᠳ ᠤᠷᠠᠨ ᠭᠤᠴᠤ ᠲᠣᠭᠯᠠᠯᠲᠠ ᠭᠠᠷᠭᠠᠬᠤ ᠶᠢᠨ ᠲᠠᠭᠠᠤ ᠰᠤᠷᠤᠭᠴᠢᠳ  ᠲᠤ ᠲᠠᠭᠤᠤ ᠪᠦᠵᠢᠭ ᠵᠢᠭᠠᠵᠤ ᠦᠭᠬᠦᠭᠡᠳ ᠰᠤᠷᠭᠠᠭᠤᠯᠢ ᠶᠢᠨ ᠬᠦᠷᠢᠶ᠎ᠡ ᠪᠠᠶᠠᠷ ᠬᠦᠷ ᠢᠶᠠᠷ ᠪᠢᠯᠬᠠᠭᠰᠠᠨ ᠪᠠᠶᠢᠯ᠎ᠠ᠃    ᠰᠤᠷᠤᠭᠴᠢ ᠸᠠᠩ ᠶᠦᠨ᠄ ︽ ᠠᠪᠠᠭ᠎ᠠ ᠠᠨᠢᠶ᠎ᠠ ᠨᠠᠷ ᠪᠢᠳᠡᠨ ᠳᠤ ᠰᠤᠷᠤᠯᠭ᠎ᠠ ᠶᠢᠨ ᠬᠡᠷᠡᠭᠰᠡᠯ ᠬᠠᠨᠳᠢᠪᠯᠡᠭ᠌ᠰᠠᠨ ᠳᠤ ᠮᠠᠰᠢ ᠲᠠᠯᠠᠷᠬᠠᠵᠤ ᠪᠠᠶᠢᠨ᠎ᠠ᠂ ᠡᠲᠡᠭᠡᠷ ᠰᠤᠷᠤᠯᠭ᠎ᠠ ᠶᠢᠨ ᠬᠡᠷᠡᠭᠰᠡᠯ ᠢ ᠣᠯᠣᠭᠰᠠᠨ ᠳᠠᠭᠠᠨ ᠪᠢ ᠮᠠᠰᠢ ᠪᠠᠶᠠᠷᠯᠠᠵᠤ ᠪᠠᠶᠢᠨ᠎ᠠ᠂ ᠬᠤᠶᠢᠰᠢᠳᠠ ᠯᠠᠪᠲᠠᠢ ᠨᠠᠩ ᠢᠯᠡᠬᠦᠦ ᠴᠢᠷᠮᠠᠶᠢᠨ ᠰᠤᠷᠤᠯᠴᠠᠵᠤ᠂  ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠨ᠂ ᠨᠡᠶᠢᠭᠡᠮ ᠨᠡᠶᠢᠳᠡ ᠶᠢᠨ ᠠᠴᠢ ᠶᠢ ᠬᠠᠷᠢᠭᠤᠯᠤᠨ᠎ᠠ︾᠃    ᠬᠤᠨ ᠭᠠᠯᠠᠭᠤ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ ᠳᠡᠳ᠋ ᠳᠠᠷᠤᠭ᠎ᠠ ᠭᠤᠸ ᠰᠢᠶᠣᠣ ᠴᠢᠨ᠄ ︽ᠡᠨᠡ ᠤᠳᠠᠭ᠎ᠠ ᠪᠢᠳᠡ 8500 ᠭᠠᠷᠤᠢ ᠲᠥᠭᠦᠷᠢᠭ ᠤᠨ ᠡᠳ᠋ ᠪᠣᠳᠠᠰ ᠪᠠ ᠪᠡᠯᠡᠨ ᠵᠣᠭᠤᠰ ᠬᠠᠨᠳᠢᠪᠯᠠᠵᠠᠢ᠂ ᠬᠡᠦᠬᠡᠳ ᠤᠳ ᠤᠨ ᠰᠤᠷᠤᠯᠴᠠᠬᠤ ᠵᠠᠪᠰᠢᠶᠠᠨ ᠢᠶᠠᠨ ᠨᠠᠩ ᠢᠯᠡᠭᠦᠦ ᠨᠠᠨᠳᠢᠩᠨᠠᠵᠤ᠂ ᠡᠷᠳᠡᠮ ᠮᠡᠳᠡᠯᠭᠡ ᠪᠠ ᠣᠶᠤᠨ ᠤᠬᠠᠭᠠᠨ ᠢᠶᠠᠷ ᠢᠶᠠᠨ ᠨᠡᠶᠢᠭᠡᠮ ᠨᠡᠶᠢᠳᠡ ᠳᠤ ᠠᠴᠢ ᠬᠠᠷᠢᠭᠤᠯᠬᠤ ᠶᠢ ᠬᠦᠰᠡᠵᠦ ᠪᠠᠶᠢᠨ᠎ᠠ︾᠃    ᠡᠨᠡ ᠤᠳᠠᠭᠠᠨ ᠤ ᠠᠵᠢᠯᠯᠠᠭ᠎ᠠ ᠨᠢ ᠦᠨᠡᠨᠴᠢ ᠢᠲᠡᠭᠡᠮᠵᠢᠲᠡᠢ ᠪᠠᠶᠢᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠪᠠᠳᠠᠷᠠᠭᠤᠯᠵᠤ᠂ ᠰᠤᠷᠤᠭᠴᠢᠳ ᠢ  ᠵᠢᠯᠤᠭᠤᠳᠤᠨ ︽ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠭᠤᠯᠵᠤ︾᠂ ᠬᠥᠮᠥᠨ ᠪᠣᠯᠭᠠᠨ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ ᠰᠤᠷᠭᠠᠭᠤᠯᠢ ᠶᠢᠨ ᠬᠦᠷᠢᠶᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号