ᠲᠠᠶᠢᠹᠤᠰᠧ ᠬᠤᠰᠢᠭᠤ ᠠᠷᠭ᠎ᠠ ᠠᠪᠴᠢᠯ ᠢᠶᠠᠨ ᠴᠢᠩᠭᠠᠳᠬᠠᠨ ᠠᠵᠢᠯ ᠣᠯᠭᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/18
  ᠠᠵᠢᠯ ᠣᠯᠭᠤᠯᠲᠠ ᠪᠣᠯ ᠠᠵᠤ ᠠᠬᠤᠢ ᠶᠢᠨ ᠰᠢᠯᠭᠠᠭᠤᠷ᠂ ᠠᠷᠠᠳ ᠤᠨ ᠠᠮᠢᠳᠤᠷᠠᠯ ᠤᠨ ᠦᠨᠳᠦᠰᠦ᠂ ᠮᠥᠨ ᠴᠦ ᠬᠥᠭᠵᠢᠯᠲᠡ ᠶᠢᠨ ᠰᠠᠭᠤᠷᠢ ᠪᠢᠯᠡ᠃  ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠬᠢᠨ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯᠴᠢᠨ ᠬᠡᠷᠡᠭᠯᠡᠬᠦ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ︾ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ᠂ ᠠᠵᠤ ᠠᠬᠤᠶᠢᠯᠠᠯ ᠤᠨ ᠠᠵᠢᠯᠴᠢᠨ ᠤ ᠬᠡᠷᠡᠭᠴᠡᠭᠡ ᠶᠢ ᠪᠥᠬᠦ ᠬᠦᠴᠦᠨ ᠢᠶᠠᠷ ᠬᠠᠩᠭᠠᠵᠤ᠂ ᠠᠵᠢᠯ ᠣᠯᠭᠤᠯᠲᠠ ᠶᠢᠨ ᠲᠤᠭᠳᠠᠭᠤᠨ ᠪᠠᠶᠢᠳᠠᠯ ᠢ ᠪᠠᠳᠤᠯᠠᠵᠤ ᠪᠠᠶᠢᠨ᠎ᠠ᠃   ᠠᠴᠢᠶᠠᠯᠠᠪᠤᠷᠢ ᠶᠢ ᠲᠠᠰᠤᠷᠠᠯᠲᠠ ᠦᠭᠡᠢ ᠰᠢᠨᠡᠴᠢᠯᠡᠵᠦ᠂  ᠦᠢᠯᠡᠰ ᠪᠦᠳᠦᠬᠡᠵᠦ ᠠᠵᠢᠯ ᠣᠯᠬᠤ ᠶᠢ ᠠᠬᠢᠭᠤᠯᠤᠨ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠠᠵᠢᠯ ᠤᠨ ᠪᠠᠶᠢᠷᠢ ᠲᠠᠨᠢᠯᠴᠠᠭᠤᠯᠵᠤ᠂ ᠠᠵᠢᠯ ᠤᠯᠬᠤ ᠠᠷᠭ᠎ᠠ ᠵᠠᠮ ᠎ ᠢ ᠰᠠᠭᠠᠳ ᠦᠭᠡᠢ ᠨᠡᠪᠳᠡᠷᠡᠬᠦᠯᠦᠨ᠂ ᠰᠢᠨ᠎ᠡ ᠵᠠᠭᠤᠴᠢᠯᠠᠭᠤᠷ᠂ ᠭᠠᠷ ᠤᠲᠠᠰᠤᠨ ᠤ ᠣᠬᠤᠷ ᠮᠡᠳᠡᠭᠡ  ᠵᠡᠷᠭᠡ ᠪᠠᠷ ᠠᠵᠢᠯ ᠣᠯᠵᠤ ᠦᠢᠯᠡᠰ ᠪᠦᠳᠦᠭᠡᠬᠦ ᠳᠤ ᠬᠤᠯᠪᠤᠭᠳᠠᠭᠰᠠᠨ ᠲᠦᠷᠦ ᠶᠢᠨ ᠪᠣᠳᠣᠯᠭ᠎ᠠ ᠶᠢ ᠤᠬᠠᠭᠤᠯᠵᠤ᠂ ᠤᠷᠢᠵᠤ ᠡᠯᠰᠡᠬᠦ ᠬᠤᠷᠠᠯ ᠴᠤᠭᠯᠠᠭᠠᠨ ᠢ ᠡᠷᠬᠢᠯᠡᠨ᠂ ᠠᠵᠢᠯ ᠣᠯᠭᠤᠯᠲᠠ ᠶᠢᠨ ᠲᠤᠰᠠᠯᠠᠮᠵᠢ ᠶᠢ ᠥᠷᠨᠢᠭᠦᠯᠵᠦ᠂ ᠡᠯ᠎ᠡ ᠲᠦᠷᠦᠯ ᠤᠨ ᠠᠵᠢᠯ ᠤᠯᠤᠭᠰᠠᠳ ᠲᠤ ᠦᠢᠯᠡᠴᠢᠯᠡᠭᠡ ᠬᠠᠩᠭᠠᠵᠠᠢ᠃ ᠡᠶᠢᠨ ᠬᠦ᠋ ᠨᠢᠭᠡᠳᠦᠭᠡᠷ ᠤᠯᠠᠷᠢᠯ ᠳᠤ ᠬᠤᠲᠠ ᠪᠠᠯᠭᠠᠰᠤᠨ ᠤ 300 ᠬᠥᠮᠥᠨ ᠳᠤ ᠰᠢᠨ᠎ᠡ ᠪᠠᠷ ᠠᠵᠢᠯ ᠣᠯᠭᠤᠵᠤ᠂ 38 ᠨᠡᠷ᠎ᠡ ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ ᠠᠵᠢᠯ ᠣᠯᠬᠤ ᠳᠤ ᠬᠦᠴᠢᠷᠲᠡᠢ 11 ᠬᠥᠮᠥᠨ ᠳᠤ ᠠᠵᠢᠯ ᠤᠯᠭᠤᠭᠠᠳ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ  ᠎ ᠶᠢ 3.2% ᠳᠣᠲᠣᠷ᠎ᠠ ᠬᠢᠵᠠᠭᠠᠷᠯᠠᠭᠰᠠᠨ ᠪᠠᠶᠢᠨ᠎ᠠ᠃ ᠡᠬᠦᠨ ᠎ ᠤ ᠬᠠᠮᠳᠤ᠂ 1531 ᠠᠵᠢᠯ ᠤᠨ ᠪᠠᠶᠢᠷᠢ ᠡᠯᠰᠡᠵᠦ ︵ᠡᠭᠦᠨ ᠳᠤ ᠠᠶᠢᠮᠠᠭ ᠤᠨ ᠲᠤᠳᠤᠷᠠᠬᠢ 188᠂ ᠠᠶᠢᠮᠠᠭ ᠤᠨ ᠭᠠᠳᠠᠨᠠᠬᠢ 1343︶᠂ ᠨᠡᠶᠢᠲᠡ 38759 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠯᠭᠤᠵᠤ᠂  ᠵᠢᠯ ᠤᠨ ᠡᠭᠦᠷᠭᠡ ᠶᠢᠨ 110.74%᠎ ᠶᠢ ᠪᠡᠶᠡᠯᠡᠭᠦᠯᠪᠡ᠃   ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠦᠷᠭᠦᠯᠵᠢᠯᠡᠨ ᠦᠷᠨᠢᠬᠦᠯᠵᠦ᠂ ᠣᠲᠣ ᠪᠣᠯᠲᠠᠯ᠎ᠠ ᠭᠡᠷ ᠤᠨ ᠶᠠᠪᠤᠳᠠᠯ ᠤᠨ ᠦᠢᠯᠡᠴᠢᠯᠡᠭᠡ᠂ ᠬᠤᠭᠤᠯᠠᠨ ᠭᠡᠷ ᠤᠨ ᠦᠢᠯᠡᠴᠢᠯᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠭᠡᠷ ᠤᠨ ᠲᠡᠵᠢᠭᠡᠪᠦᠷᠢ ᠶᠢᠨ ᠠᠷᠠᠴᠢᠯᠠᠭ᠎ᠠ ᠵᠡᠷᠭᠡ ᠮᠡᠷᠭᠡᠵᠢᠯ ᠤᠨ ᠪᠣᠯᠪᠠᠰᠤᠷᠠᠯ ᠢ ᠨᠡᠶᠢᠲᠡ 8 ᠬᠤᠭᠤᠴᠠᠭ᠎ᠠ ᠡᠷᠬᠢᠯᠡᠭᠡᠳ  ᠶᠠᠳᠠᠭᠤ  ᠎ ᠠᠴᠠ ᠠᠩᠭᠢᠵᠢᠷᠠᠭᠰᠠᠨ 518 ᠮᠠᠯᠴᠢᠨ ᠲᠠᠷᠢᠶᠠᠴᠢᠨ ᠢ ᠪᠣᠯᠪᠠᠰᠤᠷᠠᠭᠤᠯᠵᠤ᠂ ᠵᠢᠯ ᠤᠨ ᠡᠭᠦᠷᠭᠡ ᠶᠢᠨ 103.6%᠎ ᠶᠢ ᠪᠡᠶᠡᠯᠡᠬᠦᠯᠵᠡᠢ᠃ ᠪᠤᠯᠪᠠᠰᠤᠷᠠᠯ ᠡᠷᠬᠢᠯᠡᠬᠦ ᠳᠡᠭᠡᠨ ᠠᠯᠬᠤᠮ ᠶᠠᠪᠤᠴᠠ ᠶᠢ ᠲᠦᠷᠢᠮᠵᠢᠬᠦᠯᠵᠦ᠂  ᠬᠢᠨᠠᠨ ᠰᠢᠯᠭᠠᠬᠤ ᠲᠦᠷᠢᠮ ᠲᠤᠭᠳᠠᠭᠠᠯ ᠢ ᠴᠢᠩᠭᠠᠳᠬᠠᠨ᠂  ᠪᠤᠯᠪᠠᠰᠤᠷᠠᠯ ᠤᠨ ᠪᠠᠶᠢᠭᠤᠯᠤᠮᠵᠢ ᠶᠢ ᠵᠢᠭᠠᠨ ᠰᠤᠷᠭᠠᠯᠳᠠ ᠶᠢᠨ  ᠲᠦᠰᠦᠪ ᠲᠦᠯᠦᠪᠯᠡᠭᠡ ᠶᠤᠰᠤᠭᠠᠷ ᠪᠤᠯᠪᠠᠰᠤᠷᠠᠯ ᠢᠶᠠᠨ ᠶᠠᠪᠤᠭᠳᠠᠭᠤᠯᠬᠤ ᠶᠢ ᠱᠠᠭᠠᠷᠳᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠶᠢᠨ  ᠬᠠᠮᠳᠤ᠂  ᠬᠢᠴᠢᠶᠡᠯ ᠪᠤᠯᠪᠠᠰᠤᠷᠠᠯ ᠤᠨ ᠪᠥᠬᠦ ᠶᠠᠪᠤᠴᠠ ᠶᠢ ᠰᠢᠩᠭᠡᠭᠡᠯᠳᠡ ᠬᠢᠵᠦ ᠬᠢᠨᠠᠨ  ᠡᠵᠡᠮᠳᠡᠭᠰᠡᠨ ᠪᠠᠶᠢᠨ᠎ᠠ᠃   ᠠᠵᠢᠯ ᠠᠯᠳᠠᠯᠲᠠ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠤᠭᠠᠳ᠂  8260  ᠬᠦᠮᠦᠨ ᠠᠵᠢᠯ ᠠᠯᠳᠠᠯᠲᠠ ᠶᠢᠨ ᠳᠠᠭᠠᠳᠬᠠᠯ ᠳᠤ ᠤᠷᠤᠯᠴᠠᠵᠤ᠂  ᠵᠢᠯ ᠤᠨ ᠡᠭᠦᠷᠭᠡ ᠶᠢᠨ 101.23%᠎ ᠶᠢ ᠪᠡᠶᠡᠯᠡᠬᠦᠯᠪᠡ᠃ ᠡᠭᠦᠨ ᠎ ᠤ ᠲᠤᠳᠤᠷ᠎ᠠ᠂ ᠠᠵᠤ ᠠᠬᠤᠶᠢᠯᠠᠯ ᠤᠨ ᠳᠠᠭᠠᠳᠬᠠᠯ ᠳᠤ 4403 ᠬᠥᠮᠥᠨ ᠣᠷᠣᠯᠴᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠳᠠᠭᠠᠳᠬᠠᠯ ᠳᠤ 3857 ᠬᠥᠮᠥᠨ ᠤᠷᠤᠯᠴᠠᠵᠤ᠂ ᠠᠵᠢᠯ ᠠᠯᠳᠠᠭᠰᠠᠳ ᠤᠨ ᠳᠠᠭᠠᠳᠬᠠᠯ ᠤᠨ ᠰᠦᠢᠳᠬᠡᠯ 162.76 ᠲᠦᠮᠡᠨ ᠲᠥᠭᠦᠷᠢᠭ ᠢ ᠲᠤᠰᠢᠶᠠᠵᠤ ᠬᠤᠷᠢᠶᠠᠵᠠᠢ᠃ ᠡᠬᠦᠨ ᠤ ᠬᠠᠮᠳᠤ᠂ 41 ᠨᠡᠷ᠎ᠡ ᠠᠵᠢᠯ ᠠᠯᠳᠠᠭᠰᠠᠳ ᠲᠤ 14.31 ᠲᠦᠮᠡᠨ ᠲᠥᠭᠦᠷᠢᠭ ᠤᠨ ᠠᠵᠢᠯ ᠠᠯᠳᠠᠯᠲᠠ ᠶᠢᠨ ᠲᠠᠭᠠᠳᠬᠠᠯ ᠤᠨ ᠲᠦᠯᠦᠪᠦᠷᠢ᠂ 0.63 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠦᠷᠢ᠂ 2.70 ᠲᠦᠮᠡᠨ ᠲᠥᠭᠦᠷᠢᠭ ᠤᠨ ᠦᠨᠳᠦᠰᠦᠨ ᠡᠮᠴᠢᠯᠡᠭᠡᠨ ᠤ ᠨᠥᠬᠦᠪᠦᠷᠢ᠂ 0.007 ᠲᠦᠮᠡᠨ ᠲᠥᠭᠦᠷᠢᠭ ᠤᠨ ᠬᠦᠨᠳᠦ ᠡᠪᠡᠳᠴᠢᠨ ᠤ ᠨᠥᠬᠦᠪᠦᠷᠢ ᠤᠯᠭᠤᠭᠰᠠᠨ ᠪᠠᠶᠢᠨ᠎ᠠ᠃    ᠠᠵᠢᠯ ᠣᠯᠭᠤᠯᠲᠠ ᠶᠢ ᠳᠡᠮᠵᠢᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠢᠯ ᠣᠯᠬᠤ ᠪᠠ ᠦᠢᠯᠡᠰ ᠪᠦᠳᠦᠬᠡᠬᠦ ᠶᠢ ᠯᠠᠪᠳᠠᠭᠤᠨ ᠢᠶᠠᠷ ᠠᠬᠢᠭᠤᠯᠤᠨ᠂ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠵᠢᠯ ᠶᠠᠪᠤᠳᠠᠯ ᠭᠦᠢᠴᠡᠳᠬᠡᠬᠦ ᠠᠯᠬᠤᠮ ᠶᠠᠪᠤᠴᠠ ᠶᠢ ᠳᠥᠭᠦᠮᠴᠢᠯᠡᠨ᠂  ᠡᠷᠡᠮᠡᠯᠵᠡᠯᠡᠭᠰᠡᠨ ᠶᠠᠪᠤᠳᠠᠯ ᠢ ᠴᠠᠭ ᠲᠤᠬᠠᠢ ᠳᠤᠨᠢ ᠭᠦᠢᠴᠡᠳᠬᠡᠵᠦ᠂ ᠡᠯ᠎ᠡ ᠲᠥᠷᠥᠯ ᠤᠨ ᠦᠢᠯᠡᠰ ᠪᠦᠳᠦᠭᠡᠭᠴᠢᠳ ᠤᠨ ᠠᠮᠵᠢᠯᠲᠠ ᠲᠠᠢ ᠪᠠᠷ ᠦᠢᠯᠡᠰ ᠪᠦᠳᠦᠬᠡᠬᠦ ᠳᠤ ᠬᠦᠴᠦᠨ ᠨᠡᠮᠡᠷᠢᠯᠡᠪᠡ᠃ ᠣᠲᠣ ᠪᠣᠯᠲᠠᠯ᠎ᠠ᠂ 15 ᠬᠥᠮᠥᠨ ᠳᠤ ᠨᠡᠶᠢᠳᠡ 259 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠤᠯᠭᠤᠵᠠᠢ᠃  ᠠᠵᠢᠯ ᠣᠯᠭᠤᠯᠲᠠ ᠶᠢ ᠥᠷᠭᠡᠳᠬᠡᠬᠦ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠦᠨ᠂ ᠠᠮᠢᠳᠤᠯᠢᠭ ᠢᠶᠠᠷ ᠠᠵᠢᠯ ᠣᠯᠣᠭᠰᠠᠳ ᠲᠤ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠵᠤ᠂  ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠢᠳᠡᠪᠬᠢᠲᠡᠢ ᠪᠠᠷ ᠠᠬᠢᠭᠤᠯᠤᠨ᠂ ᠰᠤᠷᠭᠠᠭᠤᠯᠢ ᠲᠡᠭᠦᠰᠦᠭᠰᠡᠨ ᠤᠶᠤᠳᠠᠨ᠂ ᠬᠦᠴᠢᠷᠳᠡᠯ ᠲᠠᠢ ᠬᠦᠮᠦᠰ ᠵᠡᠷᠭᠡ ᠶᠢᠨ ᠠᠵᠢᠯ ᠣᠯᠭᠤᠯᠲᠠ ᠶᠢᠨ ᠠᠵᠢᠯ ᠢ ᠰᠠᠶᠢᠨ ᠠᠳᠬᠤᠭᠰᠠᠨ ᠪᠠᠶᠢᠨ᠎ᠠ᠃    ᠠᠵᠢᠯ ᠣᠯᠭᠤᠯᠲᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾᠎ ᠢ ᠨᠠᠪᠲᠠᠷᠡᠭᠦᠯᠵᠦ᠂ ᠨᠡᠶᠢᠭᠡᠮ ᠲᠣᠭᠤᠷᠢᠭ ᠤᠨ ᠬᠦᠴᠦᠨ ᠤ ᠠᠵᠢᠯ ᠤᠨ ᠤᠯᠠᠭ᠎ᠠ ᠦᠷᠳᠡᠭᠡ ᠶᠢ ᠪᠠᠶᠢᠭᠤᠯᠤᠨ᠂  ᠬᠦᠴᠦᠨ ᠤ ᠠᠵᠢᠯᠴᠢᠳ ᠲᠤ ᠭᠡᠷ ᠤᠨ ᠡᠭᠦᠳᠡᠨ ᠳᠡᠭᠡᠨ ᠠᠵᠢᠯ ᠣᠯᠬᠤ ᠦᠢᠯᠡᠴᠢᠯᠡᠭᠡ ᠬᠠᠩᠭᠠᠪᠠ᠃ ᠡᠬᠦᠨ ᠤ ᠬᠠᠮᠲᠤ ᠠᠵᠢᠯᠲᠠᠨ ᠲᠣᠮᠢᠯᠠᠵᠤ ᠬᠦᠴᠦᠨ ᠤ ᠠᠵᠢᠯᠴᠢᠳ ᠲᠤ ᠠᠵᠢᠯ ᠡᠷᠢᠬᠦ ᠳᠠᠩᠰᠠᠯᠠᠯᠲᠠ᠂ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠵᠡᠷᠭᠡ ᠪᠥᠬᠦ ᠲᠠᠯ᠎ᠠ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂  ᠲᠡᠳᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠠᠢ᠃    ᠦᠨᠳᠦᠰᠦᠨ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠪᠠᠬᠢᠵᠢᠬᠦᠯᠵᠦ᠂ ᠰᠤᠮᠤ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠬᠦᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠳᠤ ᠦᠨᠳᠦᠰᠦᠨ ᠱᠠᠲᠤᠨ ᠤ ᠬᠥᠳᠡᠯᠮᠦᠷᠢ ᠶᠢᠨ  ᠪᠠᠳᠤᠯᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠳᠡᠭᠡᠬᠦ ᠶᠢᠨ ᠬᠠᠮᠳᠤ᠂  ᠰᠤᠮᠤ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠥᠳᠡᠯᠮᠦᠷᠢ ᠶᠢᠨ ᠪᠠᠳᠤᠯᠠᠭᠠᠨ ᠤ ᠰᠠᠯᠪᠤᠷᠢ ᠶᠢᠨ ᠳᠠᠷᠤᠭ᠎ᠠ᠂ ᠨᠡᠶᠢᠭᠡᠮ ᠲᠣᠭᠤᠷᠢᠭ ᠤᠨ ᠠᠵᠢᠯᠲᠠᠨ ᠢ ᠰᠢᠯᠢ ᠶᠢᠨ ᠬᠤᠳᠠ ᠳᠤ ᠲᠤᠮᠢᠯᠠᠨ᠂ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠰᠤᠷᠤᠯᠴᠠᠭᠤᠯᠵᠤ᠂ ᠬᠥᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠶᠢᠨ ᠡᠩᠨᠡᠭᠡᠨ ᠤ ᠬᠡᠪ ᠴᠢᠨᠠᠷ ᠤᠨ ᠪᠠᠶᠢᠭᠤᠯᠤᠯᠲᠠ ᠶᠢ ᠤᠯᠠᠮ ᠴᠢᠩᠭᠠᠳᠬᠠᠨ᠂  ᠬᠥᠳᠡᠯᠮᠦᠷᠢ ᠶᠢᠨ ᠪᠠᠳᠤᠯᠠᠭᠠᠨ ᠤ ᠲᠤᠰᠠᠯᠠᠭᠴᠢ ᠶᠢᠨ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠵᠤ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号