ᠲᠠᠶᠢᠹᠤᠰᠧ ᠬᠤᠰᠢᠭᠤ ᠨᠠᠮ ᠪᠦᠯᠦᠭ ᠤᠨ ᠪᠤᠰᠤ ᠬᠥᠮᠥᠰ᠂ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ ᠂ ᠨᠠᠮ ᠤᠨ ᠭᠠᠳᠠᠨᠠᠬᠢ ᠰᠡᠬᠡᠭᠡᠲᠡᠳ ᠤᠨ ᠲᠥᠯᠥᠭᠡᠯᠡᠭᠴᠢ ᠶᠢᠨ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2024/4/18
  4 ᠰᠠᠷ᠎ᠠ ᠶᠢᠨ 17᠎ ᠤ ᠡᠳᠦᠷ᠂ ᠲᠠᠶᠢᠹᠤᠰᠧ ᠬᠤᠰᠢᠭᠤᠨ ᠤ ᠨᠠᠮ ᠪᠦᠯᠦᠭ ᠤᠨ ᠪᠤᠰᠤ ᠬᠥᠮᠥᠰ᠂ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠤᠨ ᠭᠠᠳᠠᠨᠠᠬᠢ ᠰᠡᠬᠡᠭᠡᠲᠡᠳ ᠤᠨ ᠲᠥᠯᠥᠭᠡᠯᠡᠭᠴᠢ ᠨᠠᠷ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ︾ ᠲᠤᠰᠬᠠᠢ ᠰᠡᠳᠦᠪᠲᠦ ᠪᠣᠯᠪᠠᠰᠤᠷᠠᠯ ᠡᠬᠢᠯᠡᠪᠡ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ ᠠᠴᠠ᠂ ᠨᠠᠮ ᠪᠦᠯᠦᠭ ᠤᠨ ᠪᠤᠰᠤ ᠬᠥᠮᠥᠰ᠂ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠤᠨ ᠭᠠᠳᠠᠨᠠᠬᠢ ᠰᠡᠬᠡᠭᠡᠲᠡᠳ ᠪᠣᠯ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠠᠮᠢᠳᠤᠷᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠨᠢᠭᠡᠨ ᠰᠠᠯᠠᠭ᠎ᠠ ᠴᠢᠬᠤᠯᠠ ᠬᠦᠴᠦᠨ ᠮᠥᠨ᠂ ᠪᠣᠯᠪᠠᠰᠤᠷᠠᠯ ᠳᠤ ᠣᠷᠣᠯᠴᠠᠭᠰᠠᠳ ᠡᠷᠭᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠎ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ  ᠂ ᠠᠮᠵᠢᠯᠲᠠ ᠲᠠᠢ ᠰᠤᠷᠤᠯᠴᠠᠬᠤ ᠣᠯᠣᠯᠲᠠ ᠲᠠᠢ ᠰᠤᠷᠤᠯᠴᠠᠬᠤ ᠶᠢ ᠪᠡᠶᠡᠯᠡᠬᠦᠯᠦᠨ᠂ ︽ᠬᠤᠶᠠᠷ ᠶᠡᠭᠡ ᠶᠠᠪᠤᠳᠠᠯ︾᠎ ᠢ  ᠰᠠᠶᠢᠨ ᠬᠢᠬᠦ ᠳᠤ ᠨᠠᠩ ᠢᠯᠡᠬᠦᠦ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠱᠠᠰᠢᠨ ᠰᠤᠷᠲᠠᠬᠤᠨ ᠤ ᠲᠤᠪᠴᠢᠶᠠᠨ ᠤ ᠳᠠᠷᠤᠭ᠎ᠠ ᠳ᠋ᠤᠸᠠᠨ ᠯᠢ ᠨᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠠᠭᠤᠯᠭ᠎ᠠ ᠲᠠᠢ ᠤᠶᠠᠯᠳᠤᠭᠤᠯᠵᠤ ︽ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾᠎ ᠢ ᠤᠷᠤᠵᠠᠢ᠃   3 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠡᠨᠡ ᠤᠳᠠᠭᠠᠨ ᠤ ᠪᠣᠯᠪᠠᠰᠤᠷᠠᠯ ᠤᠨ ᠠᠭᠤᠯᠭ᠎ᠠ ᠳᠤ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠬᠡᠷᠡᠭ ᠪᠠ ᠶᠣᠰᠣ ᠤᠴᠢᠷ᠂ ︽ᠨᠢᠭᠡᠳᠦᠮᠡᠯ ᠹᠷᠣᠨᠲ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︾ ᠵᠡᠷᠭᠡ ᠠᠭᠤᠯᠭ᠎ᠠ ᠶᠢ ᠲᠤᠬᠢᠷᠠᠭᠤᠯᠤᠭᠠᠳ᠂ ᠪᠣᠯᠪᠠᠰᠤᠷᠠᠯ ᠳᠤ ᠣᠷᠣᠯᠴᠠᠭᠰᠠᠳ ᠲᠤ ᠳᠤᠮᠳᠠᠳᠤ  ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠭᠦᠨᠵᠡᠭᠡᠢ ᠲᠠᠨᠢᠭᠤᠯᠵᠤ᠂ ᠨᠢᠭᠡᠳᠦᠮᠡᠯ ᠹᠷᠣᠨᠲ ᠤᠨ ᠬᠢᠨ ᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢ ᠤᠯᠠᠮ ᠴᠢᠩᠭᠠᠳᠬᠠᠬᠤ ᠪᠠᠷ ᠵᠤᠷᠢᠯᠭ᠎ᠠ ᠪᠤᠯᠭᠠᠭᠰᠠᠨ ᠪᠠᠶᠢᠨ᠎ᠠ᠃ ᠪᠦᠬᠦ ᠬᠤᠰᠢᠭᠤᠨ ᠤ ᠨᠠᠮ ᠪᠦᠯᠦᠭ ᠤᠨ ᠪᠤᠰᠤ ᠬᠥᠮᠥᠰ᠂ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠤᠨ ᠭᠠᠳᠠᠨᠠᠬᠢ ᠰᠡᠬᠡᠭᠡᠲᠡᠳ ᠤᠨ ᠲᠥᠯᠥᠭᠡᠯᠡᠭᠴᠢ 80 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号