ᠲᠠᠶᠢᠹᠤᠰᠧ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠬᠦ ᠶᠤᠰᠤᠯᠠᠯ ᠶᠠᠪᠤᠭᠳᠠᠯ᠎ᠠ
ᠨᠡᠶᠢᠲᠡᠯᠡᠭᠰᠡᠨ ᠴᠠᠭ᠄
2024/4/18
  4 ᠰᠠᠷ᠎ᠠ ᠶᠢᠨ 18᠎ ᠤ ᠡᠳᠦᠷ᠂ ᠰᠢᠯᠢ ᠶᠢᠨ ᠭᠤᠣᠯ ᠠᠶᠢᠮᠠᠭ ᠤᠨ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠡᠬᠢᠯᠡᠬᠦᠯᠬᠦ ᠲᠠᠶᠢᠹᠤᠰᠧ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠡᠬᠢᠯᠡᠯᠲᠡ ᠶᠢᠨ ᠶᠣᠰᠣᠯᠠᠯ ᠠᠮᠵᠢᠯᠳᠠᠳᠠᠢ ᠶᠠᠪᠤᠭᠳᠠᠵᠤ᠂ ᠨᠢᠭᠡ ᠪᠦᠯᠦᠭ ᠲᠠᠶᠢᠴᠢᠯᠠᠨ ᠳᠠᠭᠠᠭᠤᠯᠬᠤ ᠴᠢᠳᠠᠪᠤᠷᠢ ᠪᠠᠷ ᠴᠢᠩᠭ᠎ᠠ᠂ ᠬᠥᠭᠵᠢᠯᠲᠡ ᠶᠢᠨ ᠨᠥᠭᠡᠴᠡ ᠬᠦᠴᠦᠨ ᠢᠶᠠᠷ ᠲᠡᠬᠦᠯᠳᠡᠷ ᠭᠤᠣᠯᠳᠠᠯᠭ᠎ᠠ ᠲᠠᠢ ᠲᠦᠷᠦᠯ ᠵᠦᠢᠯ ᠲᠠᠶᠢᠹᠤᠰᠧ ᠨᠤᠳᠤᠭ ᠲᠤ ᠠᠵᠢᠯ ᠢᠶᠠᠨ  ᠡᠬᠢᠯᠡᠬᠦᠯᠦᠭᠡᠳ ᠲᠤᠰ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ ᠶᠣᠰᠣᠯᠠᠯ ᠳᠤ ᠤᠷᠤᠯᠴᠠᠪᠠ᠃      ᠥᠪᠥᠷ ᠮᠣᠩᠭᠤᠯ ᠤᠨ ᠵᠢᠩ ᠴᠧᠩ ᠴᠠᠬᠢᠯᠭᠠᠨ ᠳᠡᠭᠡᠰᠦᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ  ᠰᠤ᠋ ᠸᠧᠢ ᠱᠸᠦ᠄ ︽2024 ᠣᠨ ᠤ 8 ᠰᠠᠷ᠎ᠠ ᠳᠤ᠂ ᠮᠠᠨ ᠤ ᠺᠣᠮᠫᠠᠨᠢ ᠶᠢᠨ ᠥᠨᠳᠥᠷ ᠳᠠᠷᠤᠯᠲᠠᠲᠤ ᠬᠠᠮ ᠦᠢᠯᠡᠳᠪᠦᠷᠢᠯᠡᠯ ᠤᠨ ᠵᠢᠯᠤᠭᠤᠳᠬᠤ ᠠᠰᠠᠷ ᠤᠨ ᠪᠠᠷᠢᠯᠭ᠎ᠠ ᠲᠠᠭᠤᠰᠤᠭᠰᠠᠨ᠃ ᠡᠨᠡ ᠵᠢᠯ  ᠪᠠᠰᠠ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠵᠢᠱᠢᠵᠦ ᠪᠤᠢ᠂ ᠠᠰᠢᠭᠯᠠᠯᠲᠠ ᠳᠤ ᠣᠷᠣᠭᠰᠠᠨ ᠤ ᠲᠠᠷᠠᠭ᠎ᠠ  110kV ᠪᠠ 35kV᠎ ᠤᠨ ᠦᠢᠯᠡᠳᠪᠦᠷᠢᠯᠡᠯ ᠤᠨ ᠱᠤᠭᠤᠮ ᠲᠤᠰᠪᠤᠷᠢ ᠪᠠᠶᠢᠭᠤᠯᠤᠭᠳᠠᠵᠤ᠂  ᠪᠠᠷᠤᠭ 15 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ  ᠪᠡᠶᠡᠯᠡᠬᠦᠯᠬᠦ ᠪᠤᠯᠤᠨ᠎ᠠ︾᠃    2024 ᠣᠨ ᠳᠤ ᠲᠠᠶᠢᠹᠤᠰᠧ ᠬᠤᠰᠢᠭᠤ ᠨᠢ 93 ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠷᠢᠯᠠᠭᠤᠯᠵᠤ᠂ ᠶᠡᠷᠦᠩᠬᠡᠢ ᠪᠡᠯᠡ ᠣᠷᠣᠭᠤᠯᠤᠯᠲᠠ ᠶᠢ 116.4 ᠳ᠋ᠦᠩᠰᠢᠭᠤᠷ ᠲᠥᠭᠦᠷᠢᠭ ᠢᠶᠠᠷ ᠵᠢᠱᠢᠵᠦ᠂  ᠡᠨᠡ ᠵᠢᠯ ᠤᠨ ᠪᠡᠯᠡ ᠤᠷᠤᠭᠤᠯᠤᠯᠳᠠ ᠶᠢ 28.82 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠲᠦᠯᠦᠪᠯᠡᠵᠡᠢ᠃ ᠨᠢᠭᠡᠳᠦᠭᠡᠷ ᠤᠯᠠᠷᠢᠯ ᠳᠤ᠂  ᠸᠧᠢ ᠪᠸᠢ ᠳ᠋ᠧ ᠬᠢᠮᠡᠯ ᠠᠯᠮᠠᠰ᠂ ᠵᠢᠩ ᠴᠧᠩ ᠴᠠᠬᠢᠯᠭᠠᠨ  ᠲᠡᠭᠡᠰᠦ᠂  ᠹᠦ᠋ ᠱᠢ ᠰᠢᠯ ᠰᠢᠷᠬᠡᠭ ᠵᠡᠷᠭᠡ ᠲᠦᠷᠦᠯ ᠵᠦᠢᠯ ᠳᠤ ᠲᠦᠰᠢᠭᠯᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 2.32 ᠳ᠋ᠦᠩᠰᠢᠭᠤᠷ ᠲᠥᠭᠦᠷᠢᠭ ᠪᠡᠶᠡᠯᠡᠬᠦᠯᠦᠭᠡᠳ᠂ ᠡᠨᠡ  ᠎ ᠨᠢ ᠠᠳᠠᠯᠢ ᠬᠤᠭᠤᠴᠠᠭᠠᠨ ᠤ ᠬᠢ ᠠᠴᠠ 45.6 %᠎ ᠪᠠᠷ ᠨᠡᠮᠡᠭᠳᠡᠵᠦ᠂ ︽ᠡᠬᠦᠳᠡ ᠨᠡᠭᠡᠭᠡᠮᠡᠭᠴᠡ ᠦᠯᠵᠡᠢ ᠪᠡᠯᠭᠡ ᠲᠠᠢ ᠪᠠᠶᠢᠬᠤ︾  ᠎ ᠶᠢ ᠠᠮᠵᠢᠯᠲᠠ ᠲᠠᠢ ᠪᠡᠶᠡᠯᠡᠬᠦᠯᠪᠡ᠃  ᠲᠠᠶᠢᠹᠤᠰᠧ ᠬᠤᠰᠢᠭᠤᠨ ᠤ ᠬᠢᠨ ᠡᠶᠢᠨ ᠬᠦ᠋ ᠪᠦᠬᠦ ᠵᠢᠯ ᠤᠨ ᠬᠠᠷᠠᠯᠲᠠ ᠡᠭᠦᠷᠭᠡ ᠪᠠᠨ ᠲᠤᠳᠤᠷᠬᠠᠶᠢᠯᠠᠵᠤ᠂ ᠪᠦᠬᠦ ᠬᠦᠴᠦᠨ ᠢᠶᠠᠷ ᠲᠦᠷᠦᠯ ᠵᠦᠢᠯ ᠢ ᠲᠦᠯᠦᠪᠵᠢᠬᠦᠯᠦᠨ᠂ ᠪᠡᠯᠡ ᠣᠷᠣᠭᠤᠯᠤᠯᠲᠠ ᠶᠢ ᠠᠬᠢᠭᠤᠯᠵᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ᠂ ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠤᠯᠲᠠ ᠶᠢᠨ ᠬᠤᠷᠳᠤᠴᠠ ᠶᠢ ᠤᠯᠠᠮ ᠲᠦᠷᠭᠡᠳᠭᠡᠬᠦ ᠪᠠᠷ ᠴᠢᠷᠮᠠᠶᠢᠵᠤ  ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠲᠠᠨ᠂ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号