4 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤᠨ ᠤ ᠨᠠᠮ ᠪᠦᠯᠦᠭ ᠤᠨ ᠪᠤᠰᠤ ᠬᠥᠮᠥᠰ᠂ ᠨᠠᠮ ᠤᠨ | ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠤᠨ ᠭᠠᠳᠠᠨᠠᠬᠢ ᠰᠡᠬᠡᠭᠡᠲᠡᠳ ᠤᠨ ᠲᠥᠯᠥᠭᠡᠯᠡᠭᠴᠢ ᠨᠠᠷ ᠤᠨ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ︾ ᠲᠤᠰᠬᠠᠢ ᠰᠡᠳᠦᠪᠲᠦ | ᠪᠣᠯᠪᠠᠰᠤᠷᠠᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠰᠡᠴᠡᠨᠴᠣᠭᠲᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠷᠠᠯ ᠠᠴᠠ᠂ ᠨᠠᠮ ᠪᠦᠯᠦᠭ ᠤᠨ ᠪᠤᠰᠤ ᠬᠥᠮᠥᠰ᠂ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠤᠨ | ᠭᠠᠳᠠᠨᠠᠬᠢ ᠰᠡᠬᠡᠭᠡᠲᠡᠳ ᠪᠣᠯ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠠᠮᠢᠳᠤᠷᠠᠯ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠳᠤᠮᠳᠠᠬᠢ ᠨᠢᠭᠡᠨ ᠰᠠᠯᠠᠭ᠎ᠠ ᠴᠢᠬᠤᠯᠠ ᠬᠦᠴᠦᠨ ᠮᠥᠨ᠂ ᠪᠣᠯᠪᠠᠰᠤᠷᠠᠯ ᠳᠤ | ᠣᠷᠣᠯᠴᠠᠭᠰᠠᠳ ᠡᠷᠭᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠠᠮᠵᠢᠯᠲᠠ ᠲᠠᠢ ᠰᠤᠷᠤᠯᠴᠠᠬᠤ ᠣᠯᠣᠯᠲᠠ ᠲᠠᠢ | ᠰᠤᠷᠤᠯᠴᠠᠬᠤ ᠶᠢ ᠪᠡᠶᠡᠯᠡᠬᠦᠯᠦᠨ᠂ ︽ᠬᠤᠶᠠᠷ ᠶᠡᠭᠡ ᠶᠠᠪᠤᠳᠠᠯ︾ ᠢ ᠰᠠᠶᠢᠨ ᠬᠢᠬᠦ ᠳᠤ ᠨᠠᠩ ᠢᠯᠡᠬᠦᠦ ᠣᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠨᠢᠭᠡᠳᠦᠮᠡᠯ | ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠱᠠᠰᠢᠨ ᠰᠤᠷᠲᠠᠬᠤᠨ ᠤ ᠲᠤᠪᠴᠢᠶᠠᠨ ᠤ ᠳᠠᠷᠤᠭ᠎ᠠ | ᠳ᠋ᠤᠸᠠᠨ ᠯᠢ ᠨᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢᠨ ᠠᠭᠤᠯᠭ᠎ᠠ ᠲᠠᠢ ᠤᠶᠠᠯᠳᠤᠭᠤᠯᠵᠤ ︽ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠤᠷᠤᠵᠠᠢ᠃ | 3 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠡᠨᠡ ᠤᠳᠠᠭᠠᠨ ᠤ ᠪᠣᠯᠪᠠᠰᠤᠷᠠᠯ ᠤᠨ ᠠᠭᠤᠯᠭ᠎ᠠ ᠳᠤ ᠶᠡᠷᠦᠩᠬᠡᠢ | ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ᠂ ︽ᠨᠢᠭᠡᠳᠦᠮᠡᠯ | ᠹᠷᠣᠨᠲ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ︾ ᠵᠡᠷᠭᠡ ᠠᠭᠤᠯᠭ᠎ᠠ ᠶᠢ ᠲᠤᠬᠢᠷᠠᠭᠤᠯᠤᠭᠠᠳ᠂ ᠪᠣᠯᠪᠠᠰᠤᠷᠠᠯ ᠳᠤ | ᠣᠷᠣᠯᠴᠠᠭᠰᠠᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠭᠤᠣᠯ ᠰᠢᠵᠢᠮ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠭᠦᠨᠵᠡᠭᠡᠢ | ᠲᠠᠨᠢᠭᠤᠯᠵᠤ᠂ ᠨᠢᠭᠡᠳᠦᠮᠡᠯ ᠹᠷᠣᠨᠲ ᠤᠨ ᠬᠢᠨ ᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ | ᠤᠬᠠᠮᠰᠠᠷ ᠢ ᠤᠯᠠᠮ ᠴᠢᠩᠭᠠᠳᠬᠠᠬᠤ ᠪᠠᠷ ᠵᠤᠷᠢᠯᠭ᠎ᠠ ᠪᠤᠯᠭᠠᠭᠰᠠᠨ ᠪᠠᠶᠢᠨ᠎ᠠ᠃ ᠪᠦᠬᠦ ᠬᠤᠰᠢᠭᠤᠨ ᠤ ᠨᠠᠮ ᠪᠦᠯᠦᠭ ᠤᠨ | ᠪᠤᠰᠤ ᠬᠥᠮᠥᠰ᠂ ᠨᠠᠮ ᠤᠨ ᠭᠠᠳᠠᠨᠠᠬᠢ ᠰᠠᠯᠠᠭᠠᠨ ᠲᠠᠰ ᠤᠨ ᠺᠠᠳ᠋ᠷ᠂ ᠨᠠᠮ ᠤᠨ ᠭᠠᠳᠠᠨᠠᠬᠢ ᠰᠡᠬᠡᠭᠡᠲᠡᠳ ᠤᠨ | ᠲᠥᠯᠥᠭᠡᠯᠡᠭᠴᠢ 80 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃ |