ᠲᠠᠶᠢᠹᠤᠰᠧ ᠬᠤᠰᠢᠭᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/19
  4 ᠰᠠᠷ᠎ᠠ ᠶᠢᠨ 18᠎ ᠤ ᠡᠳᠦᠷ᠂  ᠲᠠᠶᠢᠹᠤᠰᠧ ᠬᠤᠰᠢᠭᠤ 2024 ᠣᠨ ᠤ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠤᠨ ᠠᠩᠭᠢ ᠡᠷᠬᠢᠯᠡᠵᠡᠢ᠃ ᠪᠤᠯᠪᠠᠰᠤᠷᠠᠯ ᠳᠤ᠂  ᠬᠤᠰᠢᠭᠤ ᠱᠠᠳᠤᠨ ᠤ ᠠᠷᠠᠳ ᠤᠨ  ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠪᠠᠷ ᠵᠠᠰᠠᠬᠤ ᠵᠦᠪᠯᠡᠯ ᠤᠨ ᠭᠡᠰᠢᠭᠦᠨ ᠯᠢᠦ ᠵᠢᠶᠦ᠋ᠨ ᠹᠧᠢ ᠬᠠᠤᠯᠢᠴᠢ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠎ ᠎ ᠶᠢᠨ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ᠂ ᠴᠢᠬᠤᠯᠠ ᠠᠴᠢ ᠬᠤᠯᠪᠣᠭᠳᠠᠯ᠂ ᠰᠢᠨ᠎ᠡ ᠡᠭᠦᠳᠦᠯᠲᠡ ᠪᠠ ᠲᠤᠷᠠᠶᠢᠮ᠎ᠠ ᠴᠡᠭ ᠢ ᠨᠠᠷᠢᠨ ᠲᠠᠶᠢᠯᠪᠤᠷᠢᠯᠠᠵᠤ᠂ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠷᠭ᠎ᠠ ᠪᠠᠷᠢᠯ ᠢ ᠲᠠᠨᠢᠯᠴᠠᠭᠤᠯᠤᠭᠰᠠᠨ ᠪᠦᠭᠡᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠯᠢᠦ ᠶᠠ ᠯᠧᠦ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠮᠳᠠᠬᠢ ᠴᠢᠯᠦᠭᠡᠲᠦ ᠲᠠᠰᠤᠯᠤᠯᠲᠠ ᠶᠢᠨ ᠡᠷᠬᠡ ᠶᠢ ᠭᠡᠷᠡᠭᠯᠡᠬᠦ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠲᠠᠶᠢᠯᠤᠮᠵᠢ ᠬᠢᠭᠰᠡᠨ ᠪᠠᠶᠢᠨ᠎ᠠ᠃  ᠪᠣᠯᠪᠠᠰᠤᠷᠠᠯ ᠢᠶᠠᠷ ᠲᠠᠮᠵᠢᠭᠠᠳ᠂ ᠬᠠᠤᠯᠢ ᠬᠡᠷᠡᠭᠵᠢᠭᠦᠯᠬᠦ ᠠᠵᠢᠯᠳᠠᠳ ᠲᠤ ᠬᠤᠯᠪᠣᠭᠳᠠᠯ ᠪᠦᠬᠦᠢ ᠬᠠᠤᠯᠢ ᠲᠦᠷᠢᠮ ᠢ ᠤᠯᠠᠮ ᠭᠦᠨᠵᠡᠭᠡᠢ ᠤᠶᠢᠯᠠᠭᠠᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠣᠨᠣᠯ ᠤᠨ ᠪᠣᠯᠪᠠᠰᠤᠷᠠᠯ ᠪᠠ ᠪᠣᠳᠠᠲᠠᠢ ᠠᠵᠢᠯ ᠤᠨ ᠬᠢᠷᠢ ᠲᠦᠪᠰᠢᠨ ᠢ ᠪᠦᠲᠦᠮᠵᠢᠲᠡᠶ ᠪᠠᠷ ᠲᠡᠭᠡᠭᠰᠢᠯᠡᠬᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠰᠢᠳᠬᠡᠯ ᠤᠯᠭᠤᠬᠤ ᠦᠶᠯᠡ ᠠᠵᠢᠯᠯᠠᠭ᠎ᠠ ᠶᠢ ᠤᠯᠠᠮ ᠨᠢᠬᠡ ᠠᠯᠬᠤᠮ ᠲᠦᠷᠢᠮᠵᠢᠬᠦᠯᠦᠭᠰᠡᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠳ ᠰᠤᠷᠴᠤ ᠡᠵᠡᠮᠰᠢᠭᠰᠡᠨ ᠢᠶᠠᠨ ᠪᠣᠳᠠᠲᠠᠢ ᠠᠵᠢᠯ ᠤᠨ ᠳᠤᠮᠳᠠ ᠪᠠᠨ ᠬᠡᠷᠡᠭᠯᠡᠵᠦ᠂  ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠠᠬᠢᠭᠤᠯᠬᠤ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ ᠬᠡᠵᠦ ᠢᠯᠡᠷᠬᠡᠶᠢᠯᠡᠵᠡᠬᠡᠨ᠎ᠡ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠨ 400 ᠭᠠᠷᠤᠢ ᠬᠠᠤᠯᠢ ᠬᠡᠷᠡᠭᠵᠢᠭᠦᠯᠬᠦ ᠠᠵᠢᠯᠲᠠᠨ  ᠡᠨᠡ  ᠤᠳᠠᠭᠠᠨ ᠤ ᠪᠣᠯᠪᠠᠰᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号