ᠲᠠᠶᠢᠹᠤᠰᠧ ᠬᠤᠰᠢᠭᠤ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠲᠤ ᠲᠤᠰᠬᠠᠢ ᠴᠡᠭᠴᠡᠯᠡᠯᠳᠡ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/4/2
   ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠲᠦᠷᠢᠮᠵᠢᠬᠦᠯᠵᠦ᠂ ᠡᠵᠡᠩᠨᠡᠭᠴᠢᠳ ᠪᠠ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠬᠠᠤᠯᠢ  ᠲᠦᠷᠢᠮ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ 3 ᠰᠠᠷ᠎ᠠ ᠶᠢᠨ 25᠎ ᠤ ᠡᠳᠦᠷ ᠠᠴᠠ ᠲᠠᠶᠢᠹᠤᠰᠧ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠨᠢ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠎ ᠲᠤ ᠲᠤᠰᠬᠠᠢ ᠴᠡᠭᠴᠡᠯᠡᠯᠳᠡ ᠬᠢᠬᠦ ᠠᠵᠢᠯᠯᠠᠭ᠎ᠠ ᠥᠷᠨᠢᠭᠦᠯᠪᠡ᠃ ᠵᠠᠮ ᠲᠡᠭᠡᠭᠡᠪᠦᠷᠢ ᠶᠢᠨ ᠲᠤᠪᠴᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠭᠤᠷᠪᠠᠨ ᠳᠤᠭᠤᠶᠢᠯᠠᠩ ᠪᠠᠶᠢᠭᠤᠯᠵᠤ᠂ ᠮᠠᠰᠢᠨ ᠲᠡᠷᠭᠡᠨ ᠤ ᠥᠷᠲᠡᠭᠡ᠂ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ ᠪᠠ  ᠰᠠᠭᠤᠭᠠᠯᠢ ᠲᠣᠭᠤᠷᠢᠭ ᠵᠡᠷᠭᠡ ᠪᠠᠷ ᠭᠤᠣᠯᠳᠠᠯᠭ᠎ᠠ ᠪᠣᠯᠭᠠᠨ᠂  ᠲᠤᠭᠳᠠᠮᠠᠯ ᠴᠠᠭ ᠪᠠ ᠲᠤᠭᠳᠠᠮᠠᠯ ᠪᠤᠰᠤ ᠪᠤᠰᠤ ᠴᠠᠭ ᠢ ᠤᠶᠠᠯᠳᠤᠭᠤᠯᠬᠤ ᠠᠵᠢᠯ ᠤᠨ ᠠᠷᠭ᠎ᠠ ᠮᠠᠶ᠋ᠢᠭ ᠢᠶᠠᠷ ᠲᠦᠷᠢᠶᠡᠰᠦᠨ ᠮᠠᠰᠢᠨ ᠲᠡᠷᠭᠡᠨ ᠤ  ᠬᠡᠮᠵᠢᠬᠦᠷ ᠦᠵᠡᠬᠦ ᠦᠬᠡᠢ  ᠎ ᠪᠠᠷ ᠦᠨ᠎ᠡ ᠪᠠᠨ ᠦᠰᠭᠡᠬᠦ  ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠲᠤᠭᠤᠷᠢᠭᠤ ᠵᠠᠮ ᠢᠶᠠᠷ ᠶᠠᠪᠤᠬᠤ᠂  ᠬᠠᠭᠠᠰ ᠵᠠᠮ ᠳᠠᠭᠠᠨ ᠠᠶᠠᠨᠴᠢᠨ ᠢ ᠪᠠᠭᠤᠯᠭᠠᠬᠤ ᠵᠡᠷᠭᠡ ᠬᠠᠤᠯᠢ  ᠲᠦᠷᠢᠮ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠶᠢᠨ ᠲᠠᠭᠠᠤ᠂ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ᠂ ᠬᠠᠤᠯᠢ ᠪᠤᠰᠤ  ᠡᠵᠡᠩᠨᠡᠯᠳᠡ ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠪᠤᠢ᠃ ᠣᠲᠣ ᠪᠣᠯᠲᠠᠯ᠎ᠠ᠂ ᠨᠡᠶᠢᠲᠡ 50 ᠭᠠᠷᠤᠢ ᠠᠵᠢᠯᠲᠠᠨ ︵ᠤᠳᠠᠭ᠎ᠠ︶  10 ᠭᠠᠷᠤᠢ ᠲᠡᠷᠭᠡ  ︵ ᠤᠳᠠᠭ᠎ᠠ︶  ᠎ ᠲᠠᠢ ᠬᠦᠳᠡᠯᠵᠦ᠂ ᠬᠠᠤᠯᠢ ᠲᠦᠷᠢᠮ ᠎ ᠠᠴᠠ ᠵᠥᠷᠢᠴᠡᠭᠰᠡᠨ 4 ᠲᠦᠷᠢᠶᠡᠰᠦᠨ ᠮᠠᠰᠢᠨ ᠲᠡᠷᠭᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠡᠢ᠃ ᠠᠵᠢᠯᠳᠠᠳ ᠬᠠᠤᠯᠢ ᠬᠡᠷᠡᠭᠵᠢᠭᠦᠯᠬᠦ ᠶᠠᠪᠤᠴᠠ ᠳᠠᠭᠠᠨ᠂  ᠲᠦᠷᠢᠮᠵᠢᠬᠦᠨ ᠢᠶᠠᠷ ᠬᠠᠤᠯᠢ ᠬᠡᠷᠡᠭᠵᠢᠭᠦᠯᠬᠦ᠂  ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠳᠠᠯᠠᠨ᠂  ᠵᠠᠯᠬᠠᠭᠠᠨ ᠰᠢᠳᠬᠡᠬᠦ ᠪᠠ ᠰᠤᠷᠭᠠᠨ ᠬᠥᠮᠥᠵᠢᠭᠦᠯᠬᠦ ᠶᠢ ᠤᠶᠠᠯᠳᠤᠭᠤᠯᠵᠤ᠂ ᠬᠠᠤᠯᠢ  ᠲᠦᠷᠢᠮ ᠵᠦᠷᠢᠴᠡᠭᠰᠡᠳ ᠲᠤ  ᠤᠬᠠᠭᠤᠯᠤᠨ ᠲᠠᠶᠢᠯᠪᠤᠷᠢᠯᠠᠬᠤ ᠪᠠ ᠰᠤᠷᠭᠠᠨ ᠬᠥᠮᠥᠵᠢᠭᠦᠯᠬᠦ ᠠᠵᠢᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠭᠰᠠᠨ ᠪᠠᠶᠢᠨ᠎ᠠ  ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号