ᠲᠠᠶᠢᠹᠤᠰᠧ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠎ ᠢ ᠡᠬᠢᠯᠡᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2024/4/2
  4 ᠰᠠᠷ᠎ᠠ ᠶᠢᠨ 1᠎ ᠤ ᠡᠳᠦᠷ᠂  ᠲᠠᠶᠢᠹᠤᠰᠧ ᠬᠤᠰᠢᠭᠤ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢ ᠡᠬᠢᠯᠡᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠡᠷᠭᠢᠯᠠᠨ ᠶᠠᠷᠢᠶ᠎ᠠ ᠲᠠᠯᠪᠢᠵᠤ᠂ ᠲᠡᠳ᠋ ᠬᠤᠰᠢᠭᠤ ᠳᠠᠷᠤᠭ᠎ᠠ ᠯᠢ ᠵᠠᠨ ᠪᠦᠦ ᠬᠤᠷᠠᠯ ᠳᠤ ᠣᠷᠣᠯᠴᠠᠵᠠᠢ᠃ ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ ᠲᠦᠷᠦᠯ ᠵᠦᠢᠯ ᠨᠢ ᠠᠮᠤ ᠪᠤᠳᠠᠭᠠᠨ ᠤ ᠠᠮᠤᠷ ᠲᠦᠪᠰᠢᠨ ᠲᠠᠢ ᠬᠤᠯᠪᠤᠭᠳᠠᠬᠤ ᠪᠤᠯᠬᠤᠷ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠠᠵᠤ ᠠᠬᠤᠶᠢᠯᠠᠯ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂  ᠬᠠᠮᠵᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠨ᠂ ᠬᠢᠨᠠᠨ ᠬᠠᠮᠢᠶᠠᠷᠬᠤ ᠨᠢᠭᠡᠴᠡ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠷᠥᠯ ᠵᠦᠢᠯ ᠤᠨ ᠴᠢᠨᠠᠷ ᠤᠨ ᠪᠣᠭᠤᠮᠲᠠ ᠪᠠ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠲᠥᠷᠥᠯ ᠵᠦᠢᠯ ᠤᠨ ᠪᠠᠶᠢᠭᠤᠯᠤᠯᠲᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠠᠵᠢᠯ ᠢ ᠰᠠᠶᠢᠨ ᠬᠢᠵᠦ᠂ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠨᠢ ᠲᠥᠷᠥᠯ ᠵᠦᠢᠯ ᠤᠨ  ᠪᠠᠶᠢᠭᠤᠯᠤᠯᠲᠠ ᠶᠢᠨ ᠠᠬᠢᠴᠠ ᠶᠢ  ᠱᠠᠭᠠᠷᠳᠠᠨ ᠪᠠᠶᠢᠴᠠᠭᠠᠬᠤ  ᠎ ᠪᠠᠨ ᠴᠢᠩᠭᠠᠳᠬᠠᠵᠤ᠂ ᠬᠢᠨᠠᠨ ᠪᠤᠳᠤᠬᠤ ᠰᠠᠯᠠᠭ᠎ᠠ ᠮᠥᠴᠢᠷ ᠨᠢ ᠬᠢᠨᠠᠨ ᠪᠤᠳᠤᠵᠤ ᠬᠢᠨᠠᠯᠲᠠ ᠲᠠᠯᠪᠢᠬᠤ ᠠᠵᠢᠯ ᠢ  ᠪᠦᠳᠦᠮᠵᠢᠳᠡᠢ  ᠰᠠᠶᠢᠨ ᠦᠷᠨᠢᠬᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃ ᠬᠠᠮᠢᠶ᠎ᠠ ᠪᠦᠬᠦᠢ ᠠᠵᠤ ᠠᠬᠤᠶᠢᠯᠠᠯ ᠤᠨ ᠬᠢᠨ ᠦᠨᠡᠨᠴᠢ ᠢᠲᠡᠭᠡᠮᠵᠢ ᠲᠠᠢ ᠠᠵᠢᠯᠯᠠᠵᠤ᠂ ᠶᠠᠰᠤ ᠴᠢᠨᠠᠷ ᠢ ᠪᠠᠲᠤᠯᠠᠨ᠂ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠵᠠᠪᠳᠤᠵᠤ᠂ ᠠᠵᠢᠯ ᠤᠨ ᠶᠠᠪᠤᠴᠠ ᠪᠠᠨ ᠰᠢᠯᠢᠳᠡᠭᠵᠢᠭᠦᠯᠦᠨ᠂ ᠲᠦᠰᠦᠪ ᠲᠥᠯᠥᠪᠯᠡᠭᠡ ᠶᠤᠰᠤᠭᠠᠷ ᠠᠵᠢᠯ ᠢᠶᠠᠨ ᠠᠬᠢᠭᠤᠯᠵᠤ᠂ ᠲᠥᠷᠥᠯ ᠵᠦᠢᠯ ᠤᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠭᠡᠷᠡᠭᠳᠡᠢ᠃  ᠲᠥᠷᠥᠯ ᠵᠦᠢᠯ ᠤᠨ ᠪᠠᠶᠢᠭᠤᠯᠤᠯᠲᠠ ᠶᠢᠨ ᠡᠭᠦᠷᠭᠡ ᠶᠢ ᠲᠤᠭᠳᠠᠭᠰᠠᠨ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ  ᠪᠡᠶᠡᠯᠡᠭᠦᠯᠦᠭᠰᠡᠨ ᠦᠭᠡᠢ ᠪᠤᠯ᠂ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠤᠯᠢ ᠲᠦᠷᠢᠮ ᠶᠣᠰᠣᠭᠠᠷ ︽ᠨᠡᠷ᠎ᠡ ᠶᠢᠨ ᠬᠠᠷ᠎ᠠ ᠲᠠᠩᠰᠠ ︾᠎ ᠳᠤ ᠤᠷᠤᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂  ᠪᠦᠳᠦᠭᠡᠨ ᠪᠠᠶᠢᠭᠤᠯᠤᠯᠳᠠ ᠶᠢᠨ ᠶᠠᠪᠤᠴᠠ ᠳᠤ ᠤᠰᠤᠯ ᠡ᠊ᠨᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠢᠶᠠᠷ ᠣᠷᠣᠯᠴᠠᠵᠤ᠂ ᠨᠡᠶᠢᠭᠡᠮ ᠳᠤ ᠠᠴᠢ ᠬᠠᠷᠢᠭᠤᠯᠬᠤ ᠪᠠᠷ ᠴᠢᠷᠮᠠᠶᠢᠨ᠂  ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ  ᠦᠢᠯᠡᠳᠦᠯᠭᠡᠵᠢᠭᠦᠯᠬᠦ  ᠬᠡᠷᠡᠭᠲᠡᠢ᠃ ᠲᠤᠰ ᠭᠠᠵᠠᠷ ᠤᠷᠤᠨ ᠤ ᠪᠠᠨ ᠦᠢᠯᠡᠳᠬᠦᠨ ᠢ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠶᠠᠰᠤ ᠴᠢᠨᠠᠷ᠂ ᠦᠨ᠎ᠡ ᠬᠠᠩᠰᠢ ᠨᠢ ᠠᠳᠠᠯᠢ ᠪᠠᠶᠢᠭ᠎ᠠ ᠪᠠᠶᠢᠳᠠᠯ ᠤᠨ ᠳᠣᠣᠷ᠎ᠠ᠂ ᠲᠤᠰ ᠭᠠᠵᠠᠷ ᠤᠷᠤᠨ ᠤ ᠪᠠᠨ ᠡᠬᠢ ᠪᠠᠶᠠᠯᠢᠭ ᠪᠠ ᠦᠢᠯᠡᠳᠬᠦᠨ ᠢ ᠬᠡᠷᠡᠭᠯᠡᠬᠦ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ ᠬᠡᠵᠦ  ᠴᠢᠬᠤᠯᠠᠴᠢᠯᠠᠭᠰᠠᠨ ᠪᠠᠶᠢᠨ᠎ᠠ᠃  ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号