ᠲᠠᠶᠢᠹᠤᠰᠧ ᠬᠤᠰᠢᠭᠤ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠭᠤᠣᠯ ᠰᠡᠳᠦᠪᠲᠦ  ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2024/4/2
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ  ᠪᠤᠳᠠᠳᠠᠶᠢᠵᠢᠭᠤᠯᠵᠤ᠂ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠦᠨ᠂ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾  ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠬᠦ ᠶᠢᠨ ᠲᠦᠯᠦᠭᠡ᠂ 4 ᠰᠠᠷ᠎ᠠ ᠶᠢᠨ 1᠎ ᠤ ᠡᠳᠦᠷ    ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠨᠢ  ᠬᠦᠨᠪᠤᠯᠠᠭ ᠰᠤᠮᠤᠨ ᠤ ᠰᠢᠨᠠᠪᠤᠯᠠᠭ ᠭᠠᠴᠠᠭ᠎ᠠ ᠳᠤ ︽ᠨᠠᠮ ᠤᠨ ᠎ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾  ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ᠂  ᠪᠠᠶᠢᠴᠠᠭᠠᠬᠤ ᠬᠤᠷᠢᠶᠠᠨ ᠤ  ᠲᠠᠷᠤᠭ᠎ᠠ ᠨᠠᠷᠠᠰᠤ  ᠂  ᠯᠧᠺᠲ᠋ᠣᠷ ᠭᠤᠣ ᠰᠢᠨ ᠬᠤᠸᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂  ᠣᠶᠢᠯᠠᠭᠠᠮᠵᠢᠲᠠᠢ ᠰᠠᠶᠢᠬᠠᠨ ᠦᠭᠡ ᠶᠠᠷᠢᠶ᠎ᠠ ᠪᠠᠷ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠬᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠬᠤ᠂ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾᠎ ᠶᠢᠨ ᠴᠢᠬᠤᠯᠠ ᠠᠴᠢ ᠬᠤᠯᠪᠣᠭᠳᠠᠯ ᠤᠨ ᠲᠤᠬᠠᠢ   ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠡᠨᠡ ᠤᠳᠠᠭᠠᠨ ᠤ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠨᠢᠭᠡ ᠭᠠᠷᠠᠭ ᠤᠨ ᠬᠤᠭᠤᠴᠠᠭ᠎ᠠ ᠲᠠᠢ ᠶᠠᠪᠤᠭᠳᠠᠵᠤ  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠡᠯ᠎ᠡ ᠰᠤᠮᠤ ᠰᠢᠶᠠᠩ ᠪᠠᠯᠭᠠᠰᠤ ᠳᠤ ᠭᠦᠨᠵᠡᠭᠡᠶᠢᠷᠡᠨ ᠤᠬᠠᠭᠤᠯᠭ᠎ᠠ ᠲᠠᠶᠢᠯᠤᠮᠵᠢ ᠬᠢᠵᠦ᠂ ᠤᠯᠠᠨ ᠲᠦᠮᠡᠨ ᠤ ᠳᠡᠷᠭᠡᠳᠡᠬᠢ ᠶᠠᠪᠤᠳᠠᠯ᠂ ᠥᠩᠭᠡᠷᠡᠭᠦᠯᠦᠭᠰᠡᠨ ᠶᠠᠪᠤᠳᠠᠯ ᠢᠶᠠᠷ ᠶᠣᠰᠣ ᠤᠴᠢᠷ ᠢ ᠲᠤᠳᠤᠷᠬᠠᠶᠢᠯᠠᠨ᠂  ᠥᠪᠥᠷ ᠮᠣᠩᠭᠤᠯ ᠤᠨ ᠬᠥᠭᠵᠢᠯᠲᠡ ᠬᠤᠪᠢᠷᠠᠯᠲᠠ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠨᠠᠮ ᠤᠨ ᠢᠶᠠᠨ ᠠᠴᠢ ᠳᠤ ᠲᠠᠯᠠᠷᠬᠠᠵᠤ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠤᠷᠤᠭᠰᠢᠯᠠᠬᠤ︾  ᠢᠳᠡᠭᠡᠯ ᠵᠤᠷᠢᠭ ᠢ ᠲᠠᠶᠢᠴᠢᠯᠠᠨ᠂  ᠬᠤᠶᠠᠷ ᠶᠡᠭᠡ ᠶᠠᠪᠤᠳᠠᠯ ᠢ ᠰᠠᠶᠢᠨ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠬᠳᠠᠷᠠᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号