ᠪᠤᠯᠪᠠᠰᠤᠷᠠᠯ ᠰᠤᠷᠢᠯᠳᠠ ᠶᠢ ᠰᠠᠶᠢᠨ ᠬᠢᠵᠦ ᠠᠶᠤᠯ ᠭᠡᠮ ᠢ ᠡᠷᠡᠰ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2024/4/2
  ᠬᠠᠩᠰᠢ ᠶᠢᠨ ᠬᠤᠭᠤᠴᠠᠭᠠᠨ ᠳᠠᠬᠢ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠨ ᠬᠢᠵᠦ᠂  ᠠᠷᠠᠳ ᠢᠷᠭᠡᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 1᠎ ᠤ ᠡᠳᠦᠷ ᠰᠢᠩ ᠹᠦ᠋ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠶᠦᠩ ᠸᠠᠩ ᠲᠣᠰᠬᠤᠨ ᠳᠤ ︽ᠬᠠᠩᠰᠢ ᠶᠢᠨ ᠡᠳᠦᠷ︾᠎ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠦᠷᠨᠢᠬᠦᠯᠦᠭᠡᠳ᠂ ᠲᠣᠰᠬᠤᠨ ᠤ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠤᠯᠠᠮ ᠴᠢᠩᠭᠠᠳᠬᠠᠭᠰᠠᠨ ᠪᠠᠶᠢᠨ᠎ᠠ᠃  ᠪᠣᠯᠪᠠᠰᠤᠷᠠᠯ ᠤᠨ ᠠᠬᠤᠢ ᠲᠠᠯᠠᠪᠠᠢ ᠳᠤ᠂  ᠠᠵᠢᠯᠳᠠᠳ ᠠᠴᠠ ᠲᠦᠭᠦᠮ ᠣᠶᠢᠯᠠᠭᠠᠮᠵᠢᠲᠠᠢ ᠬᠡᠯᠡ ᠶᠠᠷᠢᠶ᠎ᠠ ᠪᠠᠷ ᠠᠮᠤᠷ ᠲᠦᠪᠰᠢᠨ ᠢᠶᠠᠷ ᠭᠠᠯ ᠴᠠᠬᠢᠯᠭᠠᠨ ᠬᠡᠢ ᠬᠡᠷᠡᠭᠯᠡᠬᠦ᠂  ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠴᠢ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠵᠡᠷᠭᠡ ᠶᠢ ᠲᠠᠷᠢᠶᠠᠴᠢᠳ ᠲᠤ ᠨᠠᠷᠢᠨ ᠨᠢᠮᠪᠠᠢ ᠲᠠᠶᠢᠯᠪᠤᠷᠢᠯᠠᠵᠤ ᠥᠭᠴᠡᠢ᠃ ᠭᠠᠯ ᠤᠨᠲᠠᠷᠠᠭᠠᠬᠤ ᠰᠣᠷᠢᠯᠲᠠ ᠶᠢᠨ ᠲᠠᠯᠠᠪᠠᠶ ᠳᠤ᠂ ᠭᠠᠯ ᠤᠨᠲᠠᠷᠠᠭᠠᠭᠴᠢ ᠠᠵᠢᠯᠳᠠᠨ  ᠎ ᠠᠴᠠ  ᠭᠠᠯ ᠰᠡᠷᠭᠡᠶᠢᠯᠡᠬᠦ ᠬᠤᠪᠴᠠᠰᠤ ᠬᠤᠨᠠᠷ ᠤᠨ ᠡᠮᠦᠰᠴᠦ ᠵᠡᠭᠦᠬᠦ ᠶᠠᠪᠤᠴᠠ ᠶᠢ ᠬᠠᠷᠠᠭᠤᠯᠵᠤ᠂ ᠲᠣᠰᠬᠤᠨ ᠤ ᠠᠷᠠᠳ ᠲᠤ ᠭᠠᠯ ᠤᠨᠳᠠᠷᠠᠭᠠᠬᠤ ᠪᠠᠭᠠᠵᠢ ᠭᠡᠷᠡᠭᠰᠡᠯ ᠢ ᠶᠠᠭᠠᠬᠢᠵᠤ ᠭᠡᠷᠡᠭᠯᠡᠬᠦ ᠲᠤᠬᠠᠢ ᠲᠠᠶᠢᠯᠪᠤᠷᠢᠯᠠᠭᠰᠠᠨ ᠪᠦᠭᠡᠳ ᠲᠣᠰᠬᠤᠨ ᠤ ᠠᠷᠠᠳ ᠢ ᠵᠢᠯᠤᠭᠤᠳᠤᠨ ᠲᠠᠭᠤᠷᠢᠶᠠᠮᠠᠯ ᠰᠤᠷᠢᠯᠳᠠ ᠬᠢᠯᠬᠡᠵᠦ᠂  ᠭᠠᠯ ᠰᠡᠷᠭᠡᠶᠢᠯᠡᠵᠦ ᠭᠠᠯ ᠤᠨᠲᠠᠷᠠᠭᠠᠬᠤ  ᠮᠡᠳᠡᠯᠭᠡ ᠴᠢᠳᠠᠪᠤᠷᠢ ᠶᠢ ᠨᠢ ᠶᠡᠭᠡ ᠪᠠᠷ ᠳᠡᠭᠡᠭᠰᠢᠯᠡᠭᠦᠯᠪᠡ᠃    ᠬᠤᠩ ᠮᠢᠨ ᠲᠣᠰᠬᠤᠨ ᠤ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠰᠦᠨ ᠵᠠᠨ ᠰᠢᠶᠠᠨ᠄  ︽ᠡᠨᠡ ᠤᠳᠠᠭᠠᠨ ᠤ ᠭᠠᠯ ᠤᠨᠲᠠᠷᠠᠭᠠᠬᠤ ᠪᠣᠯᠪᠠᠰᠤᠷᠠᠯ ᠳᠤ ᠤᠷᠤᠯᠴᠠᠭᠠᠳ ᠪᠢᠳᠡ ᠮᠠᠰᠢ ᠤᠯᠠᠨ ᠶᠠᠭᠤᠮ᠎ᠠ ᠣᠯᠵᠤ ᠰᠤᠷᠴᠠᠢ᠂ ᠭᠠᠯ ᠤᠨᠲᠠᠷᠠᠭᠠᠬᠤ ᠬᠤᠪᠴᠠᠰᠤ ᠬᠤᠨᠠᠷ ᠢ  ᠶᠠᠭᠠᠬᠢᠵᠤ ᠡᠮᠦᠰᠬᠦ᠂ ᠭᠠᠯ ᠤᠨᠳᠠᠷᠠᠭᠠᠬᠤ ᠪᠠᠭᠠᠵᠢ ᠭᠡᠷᠡᠭᠰᠡᠯ ᠢ  ᠶᠠᠭᠠᠬᠢᠵᠤ ᠬᠡᠷᠡᠭᠯᠡᠬᠦ ᠶᠢ ᠮᠡᠳᠡᠯ᠎ᠡ᠂  ᠬᠠᠷᠢᠭᠰᠠᠨ ᠤ  ᠳᠠᠷᠠᠭ᠎ᠠ ᠲᠣᠰᠬᠤᠨ ᠤ ᠪᠠᠨ ᠠᠷᠠᠳ ᠲᠤ  ᠭᠠᠯ ᠤᠨᠳᠠᠷᠠᠭᠠᠵᠤ ᠥᠪᠡᠷ ᠢ ᠪᠠᠨ ᠠᠪᠤᠷᠠᠬᠤ ᠠᠷᠭ᠎ᠠ ᠲᠡᠮ ᠢ ᠤᠯᠠᠮᠵᠢᠯᠠᠵᠤ᠂  ᠲᠡᠳᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠪᠠ ᠬᠢᠷᠢ ᠴᠢᠳᠠᠪᠤᠷᠢ ᠶᠢ ᠨᠢ ᠲᠡᠭᠡᠭᠰᠢᠯᠡᠬᠦᠯᠬᠦ ᠪᠠᠷ ᠴᠢᠷᠮᠠᠶᠢᠨ᠎ᠠ︾᠃    ᠠᠵᠤ ᠦᠢᠯᠡᠳᠪᠦᠷᠢ ᠶᠢᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡᠨ ᠤ ᠳᠠᠷᠤᠭ᠎ᠠ ᠯᠢ ᠯᠦᠩ  ᠄ ︽ᠡᠨᠡ ᠤᠳᠠᠭᠠᠨ ᠤ ᠠᠵᠢᠯᠯᠠᠭ᠎ᠠ ᠨᠢ ᠤᠨᠤᠯ ᠪᠠ ᠦᠢᠯᠡᠳᠦᠯᠭᠡ ᠶᠢ ᠤᠶᠠᠯᠳᠤᠭᠤᠯᠵᠤ᠂ ᠲᠣᠰᠬᠤᠨ ᠤ ᠠᠷᠠᠳ ᠤᠨ  ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠲᠡᠭᠡᠭᠰᠢᠯᠡᠬᠦᠯᠵᠡᠢ᠃ ᠪᠢᠳᠡ ᠪᠠᠰᠠ ᠬᠠᠩᠰᠢ  ᠎ ᠶᠢᠨ ᠬᠤᠭᠤᠴᠠᠭᠠᠨ ᠳᠤ ᠪᠣᠯᠪᠠᠰᠤᠨ ᠢᠶᠠᠷ ᠳᠠᠬᠢᠯᠭ᠎ᠠ ᠲᠠᠶᠢᠯᠭ᠎ᠠ ᠬᠢᠵᠦ᠂ ᠭᠠᠯ ᠤᠨ ᠠᠶᠤᠯ ᠢ ᠠᠩᠬᠠᠷᠬᠤ ᠬᠡᠷᠡᠭᠲᠡᠢ ᠭᠡᠵᠦ  ᠥᠷᠭᠡᠨ ᠣᠯᠠᠨ ᠲᠠᠷᠢᠶᠠᠴᠢᠳ ᠢ  ᠤᠬᠠᠭᠤᠯᠵᠤ ᠤᠷᠢᠶᠠᠯᠠᠭᠰᠠᠨ ᠪᠠᠶᠢᠨ᠎ᠠ︾᠃    ᠰᠢᠩ ᠹᠦ᠋ ᠰᠢᠶᠠᠩ ᠤᠨ ᠡᠯ᠎ᠡ ᠲᠣᠰᠬᠤᠨ ᠤ ᠭᠠᠯ ᠤᠨᠲᠠᠷᠠᠭᠠᠬᠤ ᠦᠷᠳᠡᠭᠡ᠂ ᠠᠵᠤ ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ᠂ ᠲᠠᠷᠢᠮᠠᠯ ᠤᠨ ᠲᠣᠮᠣ ᠡᠷᠦᠬᠡ ᠵᠡᠷᠭᠡ 40 ᠭᠠᠷᠤᠢ ᠬᠥᠮᠥᠨ ᠡᠨᠡ  ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号