ᠪᠤᠯᠪᠠᠰᠤᠷᠠᠯ ᠰᠤᠷᠢᠯᠳᠠ ᠶᠢ ᠰᠠᠶᠢᠨ ᠬᠢᠵᠦ ᠠᠶᠤᠯ ᠭᠡᠮ ᠢ ᠡᠷᠡᠰ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2024/4/2
  ᠬᠠᠩᠰᠢ ᠶᠢᠨ ᠬᠤᠭᠤᠴᠠᠭᠠᠨ ᠳᠠᠬᠢ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠨ ᠬᠢᠵᠦ᠂  ᠠᠷᠠᠳ ᠢᠷᠭᠡᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ ᠰᠢᠩ ᠹᠦ᠋ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠶᠦᠩ ᠸᠠᠩ ᠲᠣᠰᠬᠤᠨ ᠳᠤ ︽ᠬᠠᠩᠰᠢ ᠶᠢᠨ ᠡᠳᠦᠷ︾ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠦᠷᠨᠢᠬᠦᠯᠦᠭᠡᠳ᠂ ᠲᠣᠰᠬᠤᠨ ᠤ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠤᠯᠠᠮ ᠴᠢᠩᠭᠠᠳᠬᠠᠭᠰᠠᠨ ᠪᠠᠶᠢᠨ᠎ᠠ᠃  ᠪᠣᠯᠪᠠᠰᠤᠷᠠᠯ ᠤᠨ ᠠᠬᠤᠢ ᠲᠠᠯᠠᠪᠠᠢ ᠳᠤ᠂  ᠠᠵᠢᠯᠳᠠᠳ ᠠᠴᠠ ᠲᠦᠭᠦᠮ ᠣᠶᠢᠯᠠᠭᠠᠮᠵᠢᠲᠠᠢ ᠬᠡᠯᠡ ᠶᠠᠷᠢᠶ᠎ᠠ ᠪᠠᠷ ᠠᠮᠤᠷ ᠲᠦᠪᠰᠢᠨ ᠢᠶᠠᠷ ᠭᠠᠯ ᠴᠠᠬᠢᠯᠭᠠᠨ ᠬᠡᠢ ᠬᠡᠷᠡᠭᠯᠡᠬᠦ᠂  ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠴᠢ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠵᠡᠷᠭᠡ ᠶᠢ ᠲᠠᠷᠢᠶᠠᠴᠢᠳ ᠲᠤ ᠨᠠᠷᠢᠨ ᠨᠢᠮᠪᠠᠢ ᠲᠠᠶᠢᠯᠪᠤᠷᠢᠯᠠᠵᠤ ᠥᠭᠴᠡᠢ᠃ ᠭᠠᠯ ᠤᠨᠲᠠᠷᠠᠭᠠᠬᠤ ᠰᠣᠷᠢᠯᠲᠠ ᠶᠢᠨ ᠲᠠᠯᠠᠪᠠᠶ ᠳᠤ᠂ ᠭᠠᠯ ᠤᠨᠲᠠᠷᠠᠭᠠᠭᠴᠢ ᠠᠵᠢᠯᠳᠠᠨ   ᠠᠴᠠ  ᠭᠠᠯ ᠰᠡᠷᠭᠡᠶᠢᠯᠡᠬᠦ ᠬᠤᠪᠴᠠᠰᠤ ᠬᠤᠨᠠᠷ ᠤᠨ ᠡᠮᠦᠰᠴᠦ ᠵᠡᠭᠦᠬᠦ ᠶᠠᠪᠤᠴᠠ ᠶᠢ ᠬᠠᠷᠠᠭᠤᠯᠵᠤ᠂ ᠲᠣᠰᠬᠤᠨ ᠤ ᠠᠷᠠᠳ ᠲᠤ ᠭᠠᠯ ᠤᠨᠳᠠᠷᠠᠭᠠᠬᠤ ᠪᠠᠭᠠᠵᠢ ᠭᠡᠷᠡᠭᠰᠡᠯ ᠢ ᠶᠠᠭᠠᠬᠢᠵᠤ ᠭᠡᠷᠡᠭᠯᠡᠬᠦ ᠲᠤᠬᠠᠢ ᠲᠠᠶᠢᠯᠪᠤᠷᠢᠯᠠᠭᠰᠠᠨ ᠪᠦᠭᠡᠳ ᠲᠣᠰᠬᠤᠨ ᠤ ᠠᠷᠠᠳ ᠢ ᠵᠢᠯᠤᠭᠤᠳᠤᠨ ᠲᠠᠭᠤᠷᠢᠶᠠᠮᠠᠯ ᠰᠤᠷᠢᠯᠳᠠ ᠬᠢᠯᠬᠡᠵᠦ᠂  ᠭᠠᠯ ᠰᠡᠷᠭᠡᠶᠢᠯᠡᠵᠦ ᠭᠠᠯ ᠤᠨᠲᠠᠷᠠᠭᠠᠬᠤ  ᠮᠡᠳᠡᠯᠭᠡ ᠴᠢᠳᠠᠪᠤᠷᠢ ᠶᠢ ᠨᠢ ᠶᠡᠭᠡ ᠪᠠᠷ ᠳᠡᠭᠡᠭᠰᠢᠯᠡᠭᠦᠯᠪᠡ᠃    ᠬᠤᠩ ᠮᠢᠨ ᠲᠣᠰᠬᠤᠨ ᠤ ᠠᠷᠠᠳ ᠤᠨ ᠵᠥᠪᠯᠡᠯ ᠤᠨ ᠳᠡᠳ᠋ ᠡᠷᠬᠢᠯᠡᠭᠴᠢ ᠰᠦᠨ ᠵᠠᠨ ᠰᠢᠶᠠᠨ᠄  ︽ᠡᠨᠡ ᠤᠳᠠᠭᠠᠨ ᠤ ᠭᠠᠯ ᠤᠨᠲᠠᠷᠠᠭᠠᠬᠤ ᠪᠣᠯᠪᠠᠰᠤᠷᠠᠯ ᠳᠤ ᠤᠷᠤᠯᠴᠠᠭᠠᠳ ᠪᠢᠳᠡ ᠮᠠᠰᠢ ᠤᠯᠠᠨ ᠶᠠᠭᠤᠮ᠎ᠠ ᠣᠯᠵᠤ ᠰᠤᠷᠴᠠᠢ᠂ ᠭᠠᠯ ᠤᠨᠲᠠᠷᠠᠭᠠᠬᠤ ᠬᠤᠪᠴᠠᠰᠤ ᠬᠤᠨᠠᠷ ᠢ  ᠶᠠᠭᠠᠬᠢᠵᠤ ᠡᠮᠦᠰᠬᠦ᠂ ᠭᠠᠯ ᠤᠨᠳᠠᠷᠠᠭᠠᠬᠤ ᠪᠠᠭᠠᠵᠢ ᠭᠡᠷᠡᠭᠰᠡᠯ ᠢ  ᠶᠠᠭᠠᠬᠢᠵᠤ ᠬᠡᠷᠡᠭᠯᠡᠬᠦ ᠶᠢ ᠮᠡᠳᠡᠯ᠎ᠡ᠂  ᠬᠠᠷᠢᠭᠰᠠᠨ ᠤ  ᠳᠠᠷᠠᠭ᠎ᠠ ᠲᠣᠰᠬᠤᠨ ᠤ ᠪᠠᠨ ᠠᠷᠠᠳ ᠲᠤ  ᠭᠠᠯ ᠤᠨᠳᠠᠷᠠᠭᠠᠵᠤ ᠥᠪᠡᠷ ᠢ ᠪᠠᠨ ᠠᠪᠤᠷᠠᠬᠤ ᠠᠷᠭ᠎ᠠ ᠲᠡᠮ ᠢ ᠤᠯᠠᠮᠵᠢᠯᠠᠵᠤ᠂  ᠲᠡᠳᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠪᠠ ᠬᠢᠷᠢ ᠴᠢᠳᠠᠪᠤᠷᠢ ᠶᠢ ᠨᠢ ᠲᠡᠭᠡᠭᠰᠢᠯᠡᠬᠦᠯᠬᠦ ᠪᠠᠷ ᠴᠢᠷᠮᠠᠶᠢᠨ᠎ᠠ︾᠃    ᠠᠵᠤ ᠦᠢᠯᠡᠳᠪᠦᠷᠢ ᠶᠢᠨ ᠵᠡᠭᠡᠯᠢ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡᠨ ᠤ ᠳᠠᠷᠤᠭ᠎ᠠ ᠯᠢ ᠯᠦᠩ  ᠄ ︽ᠡᠨᠡ ᠤᠳᠠᠭᠠᠨ ᠤ ᠠᠵᠢᠯᠯᠠᠭ᠎ᠠ ᠨᠢ ᠤᠨᠤᠯ ᠪᠠ ᠦᠢᠯᠡᠳᠦᠯᠭᠡ ᠶᠢ ᠤᠶᠠᠯᠳᠤᠭᠤᠯᠵᠤ᠂ ᠲᠣᠰᠬᠤᠨ ᠤ ᠠᠷᠠᠳ ᠤᠨ  ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠲᠡᠭᠡᠭᠰᠢᠯᠡᠬᠦᠯᠵᠡᠢ᠃ ᠪᠢᠳᠡ ᠪᠠᠰᠠ ᠬᠠᠩᠰᠢ   ᠶᠢᠨ ᠬᠤᠭᠤᠴᠠᠭᠠᠨ ᠳᠤ ᠪᠣᠯᠪᠠᠰᠤᠨ ᠢᠶᠠᠷ ᠳᠠᠬᠢᠯᠭ᠎ᠠ ᠲᠠᠶᠢᠯᠭ᠎ᠠ ᠬᠢᠵᠦ᠂ ᠭᠠᠯ ᠤᠨ ᠠᠶᠤᠯ ᠢ ᠠᠩᠬᠠᠷᠬᠤ ᠬᠡᠷᠡᠭᠲᠡᠢ ᠭᠡᠵᠦ  ᠥᠷᠭᠡᠨ ᠣᠯᠠᠨ ᠲᠠᠷᠢᠶᠠᠴᠢᠳ ᠢ  ᠤᠬᠠᠭᠤᠯᠵᠤ ᠤᠷᠢᠶᠠᠯᠠᠭᠰᠠᠨ ᠪᠠᠶᠢᠨ᠎ᠠ︾᠃    ᠰᠢᠩ ᠹᠦ᠋ ᠰᠢᠶᠠᠩ ᠤᠨ ᠡᠯ᠎ᠡ ᠲᠣᠰᠬᠤᠨ ᠤ ᠭᠠᠯ ᠤᠨᠲᠠᠷᠠᠭᠠᠬᠤ ᠦᠷᠳᠡᠭᠡ᠂ ᠠᠵᠤ ᠠᠬᠤᠶᠢᠯᠠᠯ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ᠂ ᠲᠠᠷᠢᠮᠠᠯ ᠤᠨ ᠲᠣᠮᠣ ᠡᠷᠦᠬᠡ ᠵᠡᠷᠭᠡ 40 ᠭᠠᠷᠤᠢ ᠬᠥᠮᠥᠨ ᠡᠨᠡ  ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号