ᠬᠦᠨᠪᠤᠯᠠᠭ ᠰᠤᠮᠤᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠠᠯᠢ ᠶᠢᠨ ᠦᠨᠢᠶᠡᠨ ᠤ ᠲᠣᠭᠤᠷᠢᠭ ᠲᠤ ᠬᠦᠨᠵᠡᠬᠡᠶᠢᠷᠡᠵᠦ ᠣᠷᠴᠢᠨ ᠲᠣᠭᠤᠷᠢᠨ ᠤ ᠴᠡᠪᠡᠷᠯᠡᠭᠡ ᠬᠢᠭᠰᠡᠨ
ᠨᠡᠶᠢᠲᠡᠯᠡᠭᠰᠡᠨ ᠴᠠᠭ᠄
2024/4/2
  ᠮᠠᠯᠵᠢᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠪᠡᠷ ᠴᠡᠮᠴᠡᠭᠡᠷ᠂ ᠡᠮᠬᠢ ᠳᠢᠭᠯᠢᠮ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠴᠣᠭᠴᠠᠯᠠᠨ  ᠪᠠᠶᠢᠭᠤᠯᠬᠤ ᠶᠢᠨ ᠲᠤᠰᠠᠳᠠ᠂ 3 ᠰᠠᠷ᠎ᠠ ᠶᠢᠨ 28  ᠤ ᠡᠳᠦᠷ ᠬᠦᠨᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠰᠤᠮᠤᠨ ᠤ ᠺᠠᠳ᠋ᠷ ᠠᠵᠢᠯᠲᠠᠨ ᠪᠠ ᠪᠤᠷᠤᠬᠤᠳᠠ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠭᠡᠰᠢᠭᠦᠳ ᠢ ᠲᠠᠶᠢᠴᠢᠯᠠᠨ᠂  ᠪᠤᠷᠤᠬᠤᠳᠠ ᠭᠠᠴᠠᠭᠠᠨ ᠤ ᠰᠠᠭᠠᠯᠢ ᠶᠢᠨ ᠦᠨᠢᠶᠡᠨ ᠤ ᠲᠣᠭᠤᠷᠢᠭ ᠲᠤ ᠬᠦᠨᠵᠡᠬᠡᠶᠢᠷᠡᠵᠦ᠂  ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠤ  ᠴᠡᠪᠡᠷᠯᠡᠭᠡ ᠶᠢᠨ ᠠᠵᠢᠯᠯᠠᠭ᠎ᠠ ᠥᠷᠨᠢᠭᠦᠯᠵᠡᠢ᠃  ᠤᠯᠠᠨ ᠢᠶᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂  ᠬᠠᠶᠢᠴᠢ ᠬᠠᠪᠴᠢᠭᠤᠷ ᠠᠳᠬᠤᠨ᠂ ᠬᠤᠭ ᠤᠨ ᠤᠭᠤᠲᠠ ᠲᠡᠬᠦᠵᠢᠯᠡᠵᠦ᠂  ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠪᠠ ᠵᠠᠮ ᠤᠨ ᠬᠠᠵᠠᠭᠤ ᠶᠢᠨ ᠬᠤᠭ ᠨᠣᠪᠰᠢ᠂ ᠰᠦᠯᠢᠶᠥᠦ ᠪᠦᠷᠬᠦᠪᠴᠢ ᠵᠡᠷᠭᠡ ᠶᠢ ᠦᠯᠡᠳᠡᠭᠡᠯ ᠦᠬᠡᠢ ᠰᠠᠶᠢᠬᠠᠨ ᠲᠡᠬᠦᠵᠦ ᠴᠡᠪᠡᠷᠯᠡᠭᠡᠳ᠂  ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠪᠠ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠪᠠᠶᠢᠨ᠎ᠠ᠃ ᠳᠠᠷᠠᠭᠠᠴᠢ  ᠪᠠᠷ᠂ ᠬᠦᠨᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠮᠠᠯᠴᠢᠨ ᠲᠦᠮᠡᠨ ᠢ ᠪᠣᠯᠪᠠᠰᠤᠨ ᠰᠠᠶᠢᠬᠠᠨ ᠠᠮᠢᠳᠤᠷᠠᠯ ᠤᠨ ᠵᠠᠩ ᠳᠠᠳᠬᠠᠯ ᠲᠠᠢ ᠪᠤᠯᠭᠠᠨ᠂  ᠮᠠᠯᠵᠢᠬᠤ ᠤᠷᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠠᠰᠤᠷᠠᠯᠳᠠ ᠦᠬᠡᠢ ᠰᠠᠶᠢᠵᠢᠷᠠᠭᠤᠯᠵᠤ᠂ ᠠᠷᠢᠭᠤᠨ ᠴᠡᠪᠡᠷ᠂  ᠲᠤᠬᠢᠯᠢᠭ ᠰᠠᠶᠢᠬᠠᠨ ᠠᠮᠢᠳᠤᠷᠠᠯ ᠤᠨ ᠣᠷᠴᠢᠨ ᠨᠦᠬᠦᠴᠡᠯ ᠢ ᠬᠠᠮᠲᠤᠪᠠᠷ ᠡᠬᠦᠳᠬᠦ ᠪᠤᠯᠤᠨ᠎ᠠ  ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号