ᠲᠠᠶᠢᠹᠤᠰᠧ ᠬᠤᠰᠢᠭᠤᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠶᠢ ᠰᠤᠨᠤᠰᠤᠭᠰᠠᠨ
ᠨᠡᠶᠢᠲᠡᠯᠡᠭᠰᠡᠨ ᠴᠠᠭ᠄
2024/4/23
   4 ᠰᠠᠷ᠎ᠠ ᠶᠢᠨ 19᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠬᠦ ᠳᠤ᠂ ᠲᠠᠶᠢᠹᠤᠰᠧ ᠬᠤᠰᠢᠭᠤ ᠨᠢ ᠡᠯ᠎ᠡ ᠪᠠᠶᠢᠭᠤᠯᠭ᠎ᠠ ᠨᠢᠭᠡᠴᠡ ᠶᠢᠨ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠬᠤᠪᠢᠶᠠᠷᠢ ᠬᠤᠷᠠᠯ ᠤᠨ ᠲᠠᠯᠠᠪᠠᠶ ᠳᠤ ᠤᠬᠠᠭᠤᠯᠭ᠎ᠠ ᠲᠠᠶᠢᠯᠤᠮᠵᠢ ᠶᠢ ᠰᠤᠨᠤᠰᠤᠭᠰᠠᠨ ᠪᠠᠶᠢᠯ᠎ᠠ᠃    ︽ᠦᠨᠡᠨᠴᠢ ᠢᠲᠡᠭᠡᠮᠵᠢ ᠶᠢᠨ ᠪᠠᠶᠢᠭᠤᠯᠤᠯᠲᠠ  ᠶᠢ ᠴᠢᠩᠭᠠᠳᠬᠠᠵᠤ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠤᠶ ᠪᠣᠯᠭᠠᠬᠤ︾᠎ ᠪᠠᠷ ᠭᠤᠣᠯ ᠰᠡᠳᠦᠪ ᠪᠤᠯᠭᠠᠭᠰᠠᠨ ᠡᠨᠡ ᠤᠳᠠᠭᠠᠨ ᠤ ᠤᠬᠠᠭᠤᠯᠭ᠎ᠠ ᠲᠠᠶᠢᠯᠤᠮᠵᠢ ᠨᠢ ᠰᠢ ᠶᠢᠨ ᠫᠢᠩ ᠶᠡᠷᠦᠩᠬᠡᠢ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠪᠠᠶᠢᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠳᠠᠳ ᠢ ᠵᠢᠯᠤᠭᠤᠳᠤᠨ ︽ᠢᠲᠡᠭᠡᠮᠵᠢ ᠶᠢ ᠮᠡᠳᠡᠬᠦ᠂ ᠢᠲᠡᠭᠡᠮᠵᠢ ᠶᠢ ᠴᠢᠬᠤᠯᠠᠴᠢᠯᠠᠬᠤ᠂ ᠢᠲᠡᠭᠡᠮᠵᠢ ᠶᠢ ᠰᠠᠬᠢᠬᠤ︾ ᠵᠥᠪ ᠲᠠᠯ᠎ᠠ ᠶᠢᠨ ᠳᠦᠷᠢ ᠲᠥᠷᠬᠦ ᠶᠢ ᠪᠠᠲᠤ ᠪᠠᠬᠢ ᠪᠣᠶ ᠪᠣᠯᠭᠠᠵᠤ᠂ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ ᠬᠠᠤᠯᠢ ᠶᠢᠨ ᠢᠲᠡᠭᠡᠮᠵᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠬᠤ ᠪᠤᠯᠤᠨ᠎ᠠ᠃ ᠬᠤᠷᠠᠯ ᠳᠤ ᠣᠷᠣᠯᠴᠠᠭᠰᠠᠳ ︽ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠥᠷᠨᠢᠭᠦᠯᠬᠦ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠰᠦᠷ ᠬᠦᠴᠦᠨ ᠪᠠ ᠦᠷ᠎ᠡ ᠪᠦᠲᠦᠮᠵᠢ ᠶᠢ ᠪᠠᠳᠤᠯᠠᠨ᠂ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ︾ ᠭᠡᠵᠦ ᠢᠯᠡᠳᠬᠡᠵᠡᠭᠡᠪᠡ᠃    ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠤᠬᠠᠭᠤᠯᠤᠨ ᠲᠠᠶᠢᠯᠪᠤᠷᠢᠯᠠᠭᠴᠢ ᠨᠠᠷ᠂ ︽ᠤᠯᠠᠭᠠᠨ ᠪᠢᠴᠢᠭ ᠤᠨ ᠪᠣᠭᠴᠣ︾ ᠰᠠᠶᠢᠨ ᠳᠤᠷ᠎ᠠ ᠶᠢᠨ ᠤᠬᠠᠭᠤᠯᠤᠨ ᠲᠠᠶᠢᠯᠪᠤᠷᠢᠯᠠᠬᠤ ᠠᠩᠭᠢ ᠶᠢᠨ ᠭᠡᠰᠢᠬᠦᠳ ᠡᠨᠡ ᠤᠳᠠᠭᠠᠨ ᠤ ᠤᠬᠠᠭᠤᠯᠭ᠎ᠠ ᠲᠠᠶᠢᠯᠤᠮᠵᠢ ᠶᠢ ᠰᠤᠨᠤᠰᠴᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号