4 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ | ᠡᠬᠡ ᠤᠷᠤᠨᠴᠢ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠬᠢᠯᠡᠭᠰᠡᠨ ︽ᠴᠢᠬᠢᠷᠠᠭ ᠪᠡᠶ᠎ᠡ | ᠴᠢᠮᠪᠠᠢ ᠠᠯᠬᠤᠭ᠎ᠠ︾ — ᠲᠠᠶᠢᠹᠤᠰᠧ ᠬᠤᠰᠢᠭᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠰᠠᠷ᠎ᠠ ᠶᠢᠨ | ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠯ᠎ᠠ᠃ ᠡᠯ᠎ᠡ ᠪᠠᠶᠢᠭᠤᠯᠭ᠎ᠠ ᠨᠢᠭᠡᠴᠡ᠂ ᠨᠡᠶᠢᠭᠡᠮ ᠲᠣᠭᠤᠷᠢᠭ | ᠪᠤᠯᠤᠨ ᠨᠠᠰᠤᠳᠠᠶᠢᠴᠤᠳ ᠤᠨ ᠤᠷᠠᠯᠢᠭ ᠤᠨ ᠪᠦᠯᠬᠦᠮ ᠵᠡᠷᠭᠡ 11 ᠲᠥᠯᠥᠭᠡᠯᠡᠭᠴᠢᠳ ᠤᠨ ᠠᠩᠭᠢ ᠶᠢᠨ 400 | ᠰᠢᠬᠠᠮ ᠬᠥᠮᠥᠨ ᠦᠨᠦᠳᠦᠷ ᠤᠨ ᠠᠵᠢᠯᠯᠠᠭ᠎ᠠ ᠳᠤ ᠤᠷᠤᠯᠴᠠᠵᠤ᠂ ᠵᠢᠶᠠᠨ ᠰᠢᠩ ᠨᠡᠶᠢᠭᠡᠮ ᠲᠣᠭᠤᠷᠢᠭ ᠤᠨ ᠪᠠᠷᠠᠭᠤᠨ | ᠲᠠᠯᠠᠪᠠᠢ ᠠᠴᠠ ᠰᠢᠨ᠎ᠡ ᠲᠤᠭᠤᠷᠢᠭ ᠤᠨ ᠰᠣᠶᠣᠯ ᠤᠨ ᠲᠠᠯᠠᠪᠠᠢ ᠬᠦᠷᠳᠡᠯ᠎ᠡ ᠨᠡᠶᠢᠳᠡ 2.7 ᠺᠢᠯᠤᠮᠧᠲᠷ ᠶᠠᠪᠠᠭᠠᠨ ᠢᠶᠠᠷ | ᠠᠶᠠᠯᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠢ ᠵᠢᠯᠤᠭᠤᠳᠴᠤ ᠡᠷᠡᠭᠦᠯ ᠴᠢᠭᠢᠷᠠᠭ | ᠤᠨ ᠤᠬᠠᠮᠰᠠᠷ ᠢ ᠴᠢᠩᠭᠠᠳᠬᠠᠨ᠂ ᠬᠤᠭᠤᠯᠠ ᠤᠮᠳᠠ ᠪᠠᠨ ᠵᠣᠬᠢᠰᠲᠠᠢ ᠲᠤᠬᠢᠷᠠᠭᠤᠯᠬᠤ᠂ ᠲᠠᠮᠢᠷ ᠤᠨ ᠬᠥᠳᠡᠯᠭᠡᠭᠡᠨ | ᠳᠤ ᠢᠳᠡᠪᠬᠢᠳᠡᠢ ᠤᠷᠤᠯᠴᠠᠬᠤ ᠡᠷᠡᠭᠦᠯ ᠡᠩᠭᠡ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠣᠯᠠᠨ | ᠨᠡᠶᠢᠲᠡ ᠶᠢᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠡᠷᠡᠭᠦᠯ ᠮᠡᠨᠳᠦ ᠶᠢᠨ ᠠᠵᠢᠯᠯᠠᠭ᠎ᠠ ᠪᠤᠯᠭᠠᠵᠤ ᠬᠤᠪᠢᠷᠠᠭᠤᠯᠤᠨ᠂ | ᠡᠷᠡᠭᠦᠯ ᠮᠡᠨᠳᠦ ᠠᠵᠠ ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠡᠬᠦᠯᠵᠦ᠂ ᠦᠵᠡᠰᠬᠦᠯᠡᠩᠲᠦ ᠰᠠᠶᠢᠬᠠᠨ ᠡᠶ᠎ᠡ | ᠵᠣᠬᠢᠴᠠᠯ ᠲᠠᠢ ᠭᠡᠷ ᠣᠷᠣᠨ ᠢ ᠬᠠᠮᠲᠤ ᠪᠠᠷ ᠴᠤᠭᠴᠠᠯᠠᠨ᠂ ᠡᠷᠡᠭᠦᠯ ᠡᠩᠬᠡ ᠠᠮᠢᠳᠤᠷᠠᠯ ᠢ ᠬᠠᠮᠲᠤ ᠳᠠᠭᠠᠨ ᠡᠳ᠋ᠯᠡᠬᠦ ᠪᠠᠷ | ᠵᠤᠷᠢᠯᠭ᠎ᠠ ᠪᠤᠯᠭᠠᠵᠠᠢ᠃ |