ᠲᠠᠶᠢᠹᠤᠰᠧ ᠬᠤᠰᠢᠭᠤ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2024/4/23
   ︽ᠳᠡᠯᠡᠬᠡᠢ ᠶᠢᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠳᠦᠷ︾ ᠬᠦᠷᠴᠦ ᠢᠷᠡᠬᠦ ᠲᠠᠰᠢᠷᠠᠮ ᠳᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠮᠡᠳᠡᠯᠭᠡ ᠶᠢ ᠲᠦᠬᠡᠮᠡᠯᠵᠢᠬᠦᠯᠵᠦ᠂ ᠠᠷᠠᠳ ᠤᠯᠠᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠬᠠᠮᠰᠠᠷ ᠪᠠ ᠴᠢᠳᠠᠪᠤᠷᠢ ᠶᠢ ᠴᠢᠩᠭᠠᠳᠬᠠᠬᠤ ᠶᠢᠨ ᠲᠤᠰᠠᠳᠠ᠂ 4 ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠢᠶᠠᠨ ᠮᠠ ᠴᠢᠯᠦᠬᠡᠳᠦ ᠲᠡᠯᠬᠡᠬᠦᠷ ᠤᠨ ᠡᠬᠦᠳᠡᠨ ᠳᠤ ︽ᠮᠡᠳᠡᠯᠭᠡ ᠶᠢᠨ ᠦᠮᠴᠢᠯᠡᠯ  ᠤᠨ ᠡᠷᠬᠡ ᠶᠢ ᠬᠠᠮᠠᠭᠠᠯᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ 2024 ᠣᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ ᠠᠬᠤᠢ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠪᠢᠴᠢᠭᠡᠰᠦ  ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ ᠠᠷᠭ᠎ᠠ ᠬᠡᠯᠪᠡᠷᠢ  ᠪᠠᠷ ᠢᠷᠡᠵᠦ ᠶᠠᠪᠤᠭ᠎ᠠ ᠣᠯᠠᠨ ᠲᠦᠮᠡᠨ ᠳᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠢ ᠵᠢᠯᠤᠭᠤᠳᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠦᠨᠳᠦᠳᠬᠡᠬᠦ ᠪᠠ ᠬᠠᠮᠠᠭᠠᠯᠠᠬᠤ ᠦᠵᠡᠯ ᠤᠬᠠᠮᠰᠠᠷ ᠢ ᠨᠢ ᠤᠯᠠᠮ ᠴᠢᠩᠭᠠᠳᠬᠠᠭᠰᠠᠨ ᠪᠠᠶᠢᠨ᠎ᠠ᠃ ᠳᠠᠷᠠᠭ᠎ᠠ ᠨᠢ ᠠᠵᠢᠯᠲᠠᠳ ᠥᠪᠥᠷ ᠮᠣᠩᠭᠤᠯ ᠤᠨ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠶᠠᠷᠢᠯᠴᠠᠬᠤ ᠬᠤᠷᠠᠯ ᠤᠨ ᠬᠡᠯᠪᠡᠷᠢ ᠪᠠᠷ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠤᠯᠢ ᠲᠦᠷᠢᠮ ᠢ ᠠᠵᠤ ᠠᠬᠤᠶᠢᠯᠠᠯ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠭᠡᠳ᠂ ᠠᠵᠤ ᠠᠬᠤᠶᠢᠯᠠᠯ ᠳᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠬᠠᠢ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠵᠠᠢ᠃  ᠬᠠᠤᠯᠢ ᠬᠡᠷᠡᠭᠵᠢᠭᠦᠯᠬᠦ ᠠᠵᠢᠯᠳᠠᠳ ᠪᠠᠰᠠ ᠡᠮ ᠤᠨ ᠫᠦᠰᠡ᠂ ᠳᠡᠯᠭᠡᠭᠦᠷ ᠬᠤᠳᠠᠯᠳᠤᠭ᠎ᠠ᠂ ᠵᠢᠵᠢᠭ ᠦᠢᠯᠡᠳᠬᠡᠯ ᠤᠨ ᠭᠠᠵᠠᠷ ᠲᠤ ᠬᠦᠨᠵᠡᠬᠡᠶᠢᠷᠡᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠤᠬᠠᠶᠢᠳᠠᠢ ᠪᠠᠶᠢᠴᠠᠭᠠᠯᠲᠠ ᠬᠢᠵᠦ᠂  ᠲᠠᠸᠠᠷ ᠤᠨ ᠲᠡᠮᠳᠡᠭ ᠢ ᠲᠦᠷᠢᠮᠵᠢᠬᠦᠨ ᠬᠡᠷᠡᠭᠯᠡᠵᠦ ᠪᠠᠶᠢᠭ᠎ᠠ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠭᠰᠠᠨ ᠪᠦᠭᠡᠳ ᠲᠠᠸᠠᠷ ᠤᠨ ᠲᠡᠮᠳᠡᠭ᠂ ᠲᠤᠰᠬᠠᠢ ᠠᠰᠢᠭ ᠤᠨ ᠲᠡᠮᠳᠡᠭ᠂ ᠲᠤᠰᠬᠠᠢ ᠠᠰᠢᠭ ᠤᠨ ᠮᠡᠳᠡᠭᠡ ᠵᠠᠩᠭᠢ ᠶᠢᠨ ᠡᠷᠢᠯᠲᠡ ᠵᠡᠷᠭᠡ ᠬᠠᠮᠢᠶ᠎ᠠ ᠪᠦᠬᠦᠢ ᠮᠡᠳᠡᠯᠭᠡ ᠶᠢ ᠡᠵᠡᠩᠨᠡᠭᠴᠢᠳ  ᠲᠤ ᠤᠬᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠰ ᠬᠤᠰᠢᠭᠤᠨ ᠤ ᠬᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ︽ᠨᠡᠶᠢᠭᠡᠮ ᠲᠣᠭᠤᠷᠢᠭ ᠲᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠰᠤᠮᠤ ᠰᠢᠶᠠᠩ ᠳᠤ ᠣᠷᠣᠬᠤ᠂ ᠠᠵᠤ ᠠᠬᠤᠶᠢᠯᠠᠯ ᠳᠤ ᠣᠷᠣᠬᠤ︾ ᠤᠬᠠᠭᠤᠯᠭ᠎ᠠ ᠶᠢᠨ ᠠᠵᠢᠯᠯᠠᠭ᠎ᠠ ᠶᠢ ᠤᠯᠠᠨ ᠵᠦᠢᠯ ᠤᠨ ᠠᠷᠭ᠎ᠠ ᠭᠡᠯᠪᠡᠷᠢ ᠪᠠᠷ ᠥᠷᠨᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠨ᠂ ︽ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠶᠢᠬᠤ᠂ ᠬᠠᠤᠯᠢ ᠲᠦᠷᠢᠮ ᠢ ᠰᠠᠬᠢᠬᠤ᠂ ᠡᠷᠬᠡ ᠲᠡᠭᠰᠢ ᠪᠠᠷ ᠥᠷᠢᠰᠦᠯᠳᠦᠬᠦ︾ ᠪᠠᠷ ᠭᠤᠣᠯ ᠪᠣᠯᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠰᠣᠶᠣᠯ ᠢ ᠪᠥᠬᠦ ᠬᠦᠴᠦᠨ ᠢᠶᠠᠷ ᠲᠡᠯᠬᠡᠷᠡᠬᠦᠯᠵᠦ᠂ ᠪᠥᠬᠦ ᠬᠤᠰᠢᠭᠤᠨ ᠤ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号