ᠵᠠᠩ ᠪᠠᠢ ᠴᠧᠩ ᠲᠠᠶᠢᠹᠤᠰᠧ ᠬᠤᠰᠢᠭᠤ᠂ ᠲᠤᠯᠤᠨ ᠨᠤᠤᠷ ᠰᠢᠶᠠᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠵᠤ ᠵᠢᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2024/4/23
   4 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠤᠷᠢᠳ ᠬᠤᠵᠢᠳ ᠲᠠᠶᠢᠹᠤᠰᠧ ᠬᠤᠰᠢᠭᠤ᠂ ᠳᠣᠯᠣᠨ ᠨᠤᠤᠷ ᠰᠢᠶᠠᠨ ᠳᠤ ᠬᠦᠨᠵᠡᠬᠡᠶᠢᠷᠡᠵᠦ ᠪᠠᠶᠢᠴᠠᠭᠠᠨ ᠰᠤᠳᠤᠯᠤᠯᠲᠠ ᠪᠠ ᠵᠢᠭᠠᠨ ᠵᠢᠯᠤᠭᠤᠳᠤᠯᠭ᠎ᠠ ᠬᠢᠵᠡᠢ᠃    ᠵᠠᠩ ᠪᠠᠢ ᠴᠧᠩ ᠬᠥᠳᠡᠭᠡ ᠲᠣᠰᠬᠤᠨ ᠳᠤ ᠬᠦᠨᠵᠡᠬᠡᠶᠢᠷᠡᠨ᠂ ᠲᠠᠷᠢᠶᠠᠨ ᠭᠠᠵᠠᠷ ᠲᠤ ᠬᠦᠷᠴᠦ᠂ ᠦᠨᠳᠦᠰᠦᠨ ᠱᠠᠲᠤᠨ ᠤ ᠵᠠᠰᠠᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠮᠠᠯᠵᠢᠬᠤ ᠲᠠᠷᠢᠶᠠᠯᠠᠬᠤ ᠦᠢᠯᠡᠳᠪᠦᠷᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠮᠥᠨ ᠠᠮᠠ᠂ ᠲᠠᠷᠢᠶᠠᠨ ᠭᠠᠵᠠᠷ ᠤᠨ ᠰᠠᠭᠤᠷᠢ ᠲᠤᠭᠠᠨ  ᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠰᠠᠶᠢᠨ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠴᠢᠨᠠᠭᠰᠢᠳᠠ ᠬᠤᠪᠢᠷᠠᠭᠤᠯᠵᠤ᠂ ᠤᠳᠤ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠢᠳᠡᠪᠬᠢᠲᠡᠢ ᠬᠦᠭᠵᠢᠬᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠨ ᠠᠳᠬᠤᠵᠤ᠂ ᠬᠡᠪᠴᠢᠶᠡᠵᠢᠭᠰᠡᠨ ᠮᠠᠯᠵᠢᠯ ᠤᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠂ ᠲᠠᠷᠢᠶᠠᠯᠠᠩ ᠤᠨ ᠦᠷ᠎ᠡ ᠠᠰᠢᠭ ᠨᠡᠮᠡᠭᠳᠡᠬᠦ᠂ ᠲᠠᠷᠢᠶᠠᠴᠢᠳ ᠤᠨ ᠣᠷᠣᠯᠭ᠎ᠠ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠪᠡ᠃ ᠠᠵᠤ ᠠᠬᠤᠶᠢᠯᠠᠯ ᠪᠠ ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠦᠭᠡᠳ᠂ ᠵᠠᠩ ᠪᠠᠢ ᠴᠧᠩ ᠠᠵᠤ ᠠᠬᠤᠶᠢᠯᠠᠯ ᠤᠨ ᠡᠵᠡᠩᠨᠡᠯᠳᠡ᠂ ᠲᠦᠷᠦᠯ ᠵᠦᠢᠯ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠤᠶᠢᠯᠠᠭᠠᠭᠰᠠᠨ ᠤ ᠲᠠᠷᠠᠭ᠎ᠠ᠂ ᠡᠬᠦᠷᠭᠡ ᠬᠠᠷᠠᠯᠲᠠ ᠪᠠᠨ ᠰᠠᠶᠢᠳᠤᠷ ᠡᠵᠡᠮᠳᠡᠵᠦ᠂ ᠡᠷᠴᠢᠮ ᠲᠠᠢ ᠠᠳᠬᠤᠵᠤ ᠬᠤᠷᠳᠤᠴᠠ ᠲᠠᠢ ᠠᠵᠢᠯᠯᠠᠨ᠂ ᠲᠦᠷᠦᠯ ᠵᠦᠢᠯ ᠤᠨ  ᠠᠬᠢᠴᠠ ᠶᠢ ᠲᠦᠷᠭᠡᠳᠬᠡᠵᠤ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠠᠰᠢᠭ ᠬᠦᠷᠳᠡᠬᠦ ᠪᠠᠷ ᠴᠢᠷᠮᠠᠶᠢᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠷᠦᠯ ᠵᠦᠢᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠤᠯᠠᠮ ᠪᠠᠶᠠᠯᠢᠬᠵᠢᠭᠤᠯᠤᠨ᠂ ᠦᠢᠯᠡᠴᠢᠯᠡᠭᠡ ᠬᠠᠩᠭᠠᠯᠭ᠎ᠠ ᠶᠢ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠠᠩᠬᠠᠷᠤᠨ ᠬᠠᠯᠠᠮᠵᠢᠯᠠᠵᠤ᠂ ᠡᠯ᠎ᠡ ᠲᠦᠷᠦᠯ ᠤᠨ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠥᠭᠵᠢᠯᠲᠡ ᠶᠢᠨ ᠢᠲᠡᠭᠡᠯ ᠵᠣᠷᠢᠭ ᠢ ᠨᠢ ᠬᠥᠪᠴᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠯᠭᠠᠰᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠨ᠂ ᠡᠯ᠎ᠡ ᠲᠦᠷᠦᠯ ᠤᠨ ᠠᠮᠤᠷ ᠲᠦᠪᠰᠢᠨ ᠤ ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃    ᠵᠠᠩ ᠪᠠᠢ ᠴᠧᠩ ᠪᠠᠰᠠ ᠰᠢᠯᠢ ᠶᠢᠨ ᠭᠤᠣᠯ ᠠᠶᠢᠮᠠᠭ ᠤᠨ ᠤᠢ ᠰᠢᠭᠤᠢ ᠶᠢᠨ ᠭᠠᠯ ᠰᠡᠷᠭᠡᠶᠢᠯᠡᠬᠦ ᠰᠠᠯᠪᠤᠷᠢ ᠠᠩᠭᠢ ᠶᠢᠨ ᠲᠤᠯᠤᠨ ᠨᠤᠤᠷ ᠰᠢᠶᠠᠨ ᠳᠠᠬᠢ ᠰᠡᠷᠭᠡᠶᠢᠯᠡᠯᠲᠡ ᠶᠢᠨ ᠭᠠᠵᠠᠷ ᠲᠤ ᠭᠦᠨᠵᠡᠭᠡᠶᠢᠷᠡᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠱᠠᠭᠠᠷᠳᠠᠨ ᠪᠠᠶᠢᠴᠠᠭᠠᠬᠤ ᠳᠠᠭᠠᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠡᠷᠴᠢ ᠬᠦᠴᠦᠲᠡᠢ ᠠᠷᠭ᠎ᠠ ᠬᠡᠮᠵᠢᠶ᠎ᠡ ᠠᠪᠴᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠡᠷᠡᠰ ᠰᠠᠶᠢᠨ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠵᠢᠶᠠ ᠸᠧᠨ ᠽᠥᠩ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号