ᠵᠣᠣ ᠹᠧᠢ ᠫᠧᠩ ᠵᠡᠷᠭᠡ ᠬᠤᠰᠢᠭᠤᠨ ᠤ ᠤᠳᠤᠷᠢᠳᠤᠯᠭ᠎ᠠ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/4/24
 4 ᠰᠠᠷ᠎ᠠ ᠶᠢᠨ 23᠎ ᠤ ᠡᠳᠦᠷ᠂ ᠵᠣᠣ ᠹᠧᠢ ᠫᠧᠩ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠬᠤ ᠨᠥᠬᠦᠳ ᠬᠤᠰᠢᠭᠤᠨ ᠤ ᠤᠯᠤᠰ ᠤᠨ ᠦᠮᠴᠢᠯᠡᠯᠳᠦ ᠣᠶ ᠰᠢᠭᠤᠢ ᠶᠢᠨ ᠲᠠᠯᠠᠪᠠᠶ ᠳᠤ ᠬᠦᠷᠴᠦ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃  ᠵᠤᠤ ᠹᠧᠢ ᠫᠧᠩ ᠮᠣᠳᠣ ᠲᠠᠷᠢᠬᠤ ᠶᠢᠨ ᠳᠠᠭᠠᠤ ᠴᠢᠬᠢ ᠮᠣᠳᠣᠨ ᠤ ᠲᠦᠷᠦᠯ ᠵᠦᠢᠯ᠂ ᠢᠷᠡᠯᠲᠡ᠂ ᠦᠨ᠎ᠡ ᠬᠠᠩᠰᠢ᠂ ᠥᠰᠦᠯᠲᠡ ᠶᠢᠨ ᠬᠤᠭᠤᠴᠠᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ ᠪᠠᠶᠢᠯ᠎ᠠ᠃ ᠲᠡᠷᠡ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠢ ᠮᠣᠳᠣᠨ ᠤ ᠲᠦᠷᠦᠯ ᠢ ᠰᠣᠩᠭᠤᠵᠤ᠂ ᠤᠢ ᠮᠣᠳᠣᠨ ᠤ ᠪᠤᠶᠢᠵᠢᠯᠳᠠ ᠶᠢᠨ ᠨᠤᠷᠮ᠎ᠠ ᠶᠢ ᠪᠠᠲᠤᠯᠠᠬᠤ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ ᠢᠳᠡᠪᠬᠢᠲᠡᠢ ᠪᠠᠷ ᠣᠷᠣᠯᠴᠠᠭᠤᠯᠵᠤ᠂ ᠤᠯᠤᠰ ᠤᠨ ᠭᠠᠵᠠᠷ ᠰᠢᠷᠤᠢ ᠶᠢᠨ ᠨᠣᠭᠤᠭᠠᠷᠠᠭᠤᠯᠤᠯᠲᠠ ᠶᠢ ᠶᠡᠬᠡᠪᠡᠷ ᠠᠬᠢᠭᠤᠯᠤᠨ᠂ ᠤᠢ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦᠷᠭᠡᠭᠵᠢᠯ ᠢ ᠵᠠᠰᠠᠬᠤ ᠠᠵᠢᠯ ᠢ  ᠬᠦᠴᠦ ᠪᠠᠨ ᠬᠠᠮᠲᠤᠳᠬᠠᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠤᠷᠳᠤ ᠴᠠᠭᠠᠨ ᠬᠡᠷᠡᠮ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃  ᠣᠶᠢᠯᠠᠭᠠᠭᠰᠠᠨ ᠢᠶᠠᠷ᠂ ᠡᠨᠡ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠡᠬᠦᠷᠭᠡ ᠶᠢ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤ ᠬᠤᠪᠢᠶᠠᠵᠤ ᠵᠡᠷᠭᠡ ᠪᠠᠷ ᠠᠬᠢᠭᠤᠯᠤᠨ᠂ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠤᠷᠤᠨ ᠳᠤ ᠭᠠᠴᠤᠷ᠎ᠠ᠂ ᠵᠢᠭᠠᠷᠲᠤ ᠨᠠᠷᠠᠰᠤ᠂ ᠮᠥᠩᠭᠦᠨ ᠤᠯᠢᠶᠠᠰᠤ ᠲᠠᠷᠢᠬᠤ ᠪᠠᠷ ᠪᠠᠶᠢᠨ᠎ᠠ᠃  ᠲᠤᠰ ᠬᠤᠰᠢᠭᠤ ᠨᠢ ᠡᠨᠡ ᠵᠢᠯ 18.97 ᠲᠦᠮᠡᠨ ᠮᠦ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠦᠬᠦᠨ ᠢ ᠪᠡᠶᠡᠯᠡᠭᠦᠯᠵᠦ᠂ 2 ᠲᠦᠮᠡᠨ ᠮᠦ ᠣᠶ ᠰᠢᠭᠤᠢ ᠶᠢᠨ ᠲᠠᠯᠠᠪᠠᠶ ᠶᠢ ᠰᠢᠨ᠎ᠡ ᠪᠠᠷ ᠨᠡᠮᠡᠭᠳᠡᠬᠦᠯᠦᠨ᠂ 17 ᠲᠦᠮᠡᠨ ᠮᠦ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠵᠦ᠂ ᠣᠶ ᠰᠢᠭᠤᠢ ᠶᠢᠨ ᠪᠦᠷᠬᠦᠴᠡ ᠶᠢ 3.7 %᠎ ᠪᠠᠷ  ᠨᠡᠮᠡᠭᠳᠡᠬᠦᠯᠬᠦ ᠪᠤᠯᠤᠨ᠎ᠠ᠃  ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂  ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂  ᠡᠯ᠎ᠡ ᠪᠠᠶᠢᠭᠤᠯᠭ᠎ᠠ ᠨᠢᠬᠡᠴᠡ ᠶᠢᠨ ᠺᠠᠳ᠋ᠷ ᠠᠵᠢᠯᠲᠠᠨ ᠵᠡᠷᠭᠡ  600 ᠭᠠᠷᠤᠢ ᠬᠦᠮᠦᠨ ᠦᠨᠦᠳᠦᠷ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号